ᠯᠢ ᠯᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠳᠤ ᠬᠥᠷᠴᠥ ᠪᠠᠶᠢᠴᠠᠭᠠᠨ ᠰᠤᠳᠤᠯᠤᠯᠳᠡ ᠬᠢᠵᠡᠢ
ᠨᠡᠶᠢᠲᠡᠯᠡᠭᠰᠡᠨ ᠴᠠᠭ᠄
2023/9/27
      ᠤᠶᠢᠷ᠎ᠡ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠤᠭᠰᠠᠨ ᠤ ᠬᠠᠮᠳᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠯᠢ ᠯᠢ ᠲᠤᠬᠠᠢ ᠶᠢᠨ ᠲᠠᠯᠠᠪᠠᠢ ᠳᠤ ᠬᠤᠳᠠ ᠶᠢᠨ ᠠᠶᠤᠯ ᠥᠬᠡᠢ ᠦᠢᠯᠡᠳᠪᠦᠷᠢᠯᠡᠯ ᠤᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ ᠤ ᠪᠠᠶᠢᠳᠠᠯ ᠢ ᠦᠵᠡᠵᠦ᠂ ᠲᠠᠪᠴᠠᠩ ᠤᠨ ᠴᠢᠳᠠᠮᠵᠢ ᠪᠣᠯᠤᠨ ᠦᠢᠯᠡᠳᠦᠯ ᠢ ᠨᠠᠷᠢᠨ ᠠᠰᠠᠭᠤᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠯᠢ ᠯᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠪᠠ ︽9 · 7︾ ᠤ ᠢ ᠳ᠋ᠢᠩ ᠺᠣᠮᠫᠠᠨᠢ ᠶᠢᠨ ᠥᠨᠳᠥᠷ ᠳᠠᠷᠤᠯᠲᠠᠲᠤ ᠬᠡᠶ ᠪᠡᠶᠡᠲᠦ ᠯᠡᠪᠡᠷᠡᠭᠰᠡᠨ ᠠᠳᠡᠯ ᠤᠨ ᠲᠤᠬᠠᠶ ᠡᠷᠭᠢᠴᠡᠭᠦᠯᠦᠨ ᠪᠤᠳᠤᠵᠤ ᠵᠠᠳᠠᠯᠤᠨ ᠰᠢᠨᠵᠢᠯᠡᠭᠰᠡᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠢ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠱᠤᠭᠤᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠂ ᠨᠢᠮᠭᠡᠨ ᠮᠥᠰᠥᠨ ᠳᠡᠭᠡᠷ᠎ᠡ ᠭᠢᠰᠭᠢᠭᠰᠡᠨ ᠮᠡᠲᠦ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠷ ᠠᠶᠤᠯ ᠥᠬᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠵᠠᠪᠰᠢᠬᠤ ᠪᠤᠳᠤᠯ ᠪᠠ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠡ᠊ᠨᠳᠡᠯ ᠠᠴᠠ ᠰᠤᠷᠭᠠᠮᠵᠢ ᠠᠪᠴᠤ᠂ ᠭᠦᠨᠵᠡᠭᠡᠢ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠬᠠᠯᠠᠨ ᠰᠠᠶᠢᠵᠢᠷᠠᠭᠤᠯᠵᠤ ᠲᠡᠰ ᠳᠡᠪᠰᠢᠭᠦᠯᠦᠨ᠂ ᠨᠢᠳᠤᠨ ᠡᠮᠤᠨᠡᠬᠢ ᠪᠠᠨ ᠬᠠᠷᠠᠬᠤ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠳᠤᠮᠳᠠᠬᠢ ᠲᠥᠷᠢᠮ ᠠᠴᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠡᠷᠡᠰ ᠬᠤᠷᠢᠭᠯᠠᠨ᠂ ᠠᠶᠤᠯ ᠥᠬᠡᠢ ᠦᠢᠯᠡᠳᠪᠦᠷᠢᠯᠡᠯ ᠤᠨ ᠪᠦᠬᠦ ᠲᠠᠯ᠎ᠠ ᠪᠠᠷ ᠬᠠᠲᠠᠭᠤ ᠴᠢᠩᠭ᠎ᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠠᠶᠤᠯ ᠥᠬᠡᠢ ᠦᠢᠯᠡᠳᠪᠦᠷᠢᠯᠡᠯ ᠤᠨ ᠲᠤᠭᠳᠠᠯᠴᠠᠭ᠎ᠠ ᠶᠢ ᠪᠦᠬᠦ ᠲᠠᠯ᠎ᠠ ᠪᠠᠷ ᠳᠠᠬᠢᠨ ᠪᠠᠶᠢᠭᠤᠯᠵᠤ᠂ ᠰᠡᠳᠭᠢᠴᠡ ᠣᠶᠢᠯᠠᠭᠠᠭᠳᠠᠬᠤᠨ᠂ ᠠᠷᠭ᠎ᠠ ᠪᠠᠷᠢᠯ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠤᠨ᠂ ᠠᠶᠤᠯ ᠥᠬᠡᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠶᠤᠯ ᠥᠬᠡᠢ ᠦᠢᠯᠡᠳᠪᠦᠷᠢᠯᠡᠯ ᠤᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠢᠨᠲ᠋ᠧᠷ  ᠰᠦᠯᠵᠢᠶ᠎ᠡ +᠂ ᠲᠤᠮᠤ ᠳ᠋ᠠᠶᠢᠲ᠋ᠠ᠂ ᠬᠢᠮᠠᠯ ᠣᠶᠤᠨᠴᠢ ᠴᠢᠳᠠᠪᠤᠷᠢ ᠵᠡᠷᠭᠡ ᠰᠢᠨ᠎ᠡ ᠮᠡᠷᠭᠡᠵᠢᠯ ᠢ ᠭᠦᠢᠴᠡᠳ ᠠᠰᠢᠭᠯᠠᠨ᠂ ᠠᠵᠤ ᠠᠬᠤᠶᠢᠯᠠᠯ ᠤᠨ ᠠᠶᠤᠯ ᠥᠬᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠢᠨᠠᠨ ᠬᠡᠮᠵᠢᠬᠦ᠂ ᠦᠨᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠬᠠᠨᠳᠤᠰᠢ ᠶᠢ ᠵᠠᠳᠠᠯᠬᠤ ᠶᠢ ᠪᠡᠶᠡᠯᠡᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ᠂ ᠴᠡᠭᠡᠷᠯᠡᠯ ᠪᠣᠯᠭᠠᠬᠤ᠂ ᠠᠯᠳᠠᠰᠢ ᠭᠠᠷᠬᠤ ᠶᠢ ᠬᠤᠷᠢᠭᠯᠠᠬᠤ᠂ ᠲᠣᠭᠲᠠᠴᠠ ᠶᠢ ᠪᠦᠷᠢᠨᠰᠢᠬᠦᠯᠬᠦ᠂ ᠳᠤᠲᠠᠭᠤᠳᠠᠯ ᠢ ᠨᠥᠬᠦᠪᠥᠷᠢᠯᠡᠬᠦ ᠶᠢ ᠪᠠᠷᠢᠮᠲᠠᠯᠠᠵᠤ᠂ ᠭᠤᠨᠢᠭᠲᠤ ᠬᠡᠷᠡᠭ ᠤᠨ ᠲᠠᠬᠢᠨ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠪᠠᠶᠠᠷ ᠤᠨ ᠡᠳᠦᠷ ᠠᠴᠠ ᠡᠮᠦᠨᠡᠬᠢ ᠪᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯ ᠥᠬᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠨ᠂ ᠠᠮᠤᠷ ᠲᠦᠪᠰᠢᠨ ᠤ ᠲᠠᠯᠳᠡ ᠬᠡᠮ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠦᠬᠦ ᠬᠤᠳᠠ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠳᠤᠯᠠᠬᠤ ᠬᠡᠷᠡᠭᠳᠡᠢ ᠬᠡᠵᠠᠢ᠃       ᠬᠤᠳᠠ ᠶᠢᠨ ᠤᠳᠤᠷᠢᠳᠤᠯᠭ᠎ᠠ ᠭᠤᠤ ᠸᠧᠨ ᠾᠧ᠂ ᠯᠢᠦ ᠹᠧᠩ ᠶᠦᠨ ᠣᠷᠣᠯᠴᠠᠵᠠᠢ᠃
ᠢᠷᠡᠯᠲᠡ᠄ ᠤᠷᠳᠤᠰ ᠤᠨ ᠡᠳᠤᠷ ᠤᠨ ᠰᠤᠨᠢᠨ