︽ᠳᠤᠮᠳᠠᠳᠤ ᠤᠯᠤᠰ ᠤᠨ ᠪᠠᠭ᠋ᠠᠷᠣᠮ᠎ᠠ ᠰᠠᠶᠢᠬᠠᠨ ᠬᠤᠲᠠ︾ ᠨᠡᠶᠢᠲᠡᠯᠡᠵᠤ᠂ ᠬᠢᠶ᠎ᠠ ᠪᠠᠭᠰᠢ ᠲᠣᠭᠤᠷᠢᠭ ᠨᠡᠷ᠎ᠡ ᠵᠢᠬᠰᠠᠭᠠᠭᠳᠠᠪᠠ︕
ᠨᠡᠶᠢᠲᠡᠯᠡᠭᠰᠡᠨ ᠴᠠᠭ᠄
2023/9/4
      9 ᠰᠠᠷ᠎ᠠ ᠶᠢᠨ 2 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠰᠢᠨᠬᠤᠸᠠ ᠮᠡᠳᠡᠭᠡᠯᠡᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ 2023 ᠣᠨ ᠤ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠥᠪᠥᠷ ᠮᠣᠩᠭᠤᠯ ᠤᠨ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠡᠬᠢᠯᠡᠪᠡ᠃
01.jpg
      9 ᠰᠠᠷ᠎ᠠ ᠶᠢᠨ 3 ᠤ ᠡᠳᠦᠷ᠂ ︽ᠳᠤᠮᠳᠠᠳᠤ ᠤᠯᠤᠰ ᠤᠨ ᠪᠠᠭ᠋ᠠᠷᠣᠮ᠎ᠠ ᠰᠠᠶᠢᠬᠠᠨ ᠬᠤᠲᠠ ᠶᠢᠨ ᠵᠢᠭᠠᠯᠲᠠ ᠲᠣᠭᠠᠨ ᠤ ᠮᠡᠳᠡᠭᠦᠯᠦᠯᠲᠡ ︵2023︶︾ ᠶᠢ ᠵᠢᠩᠬᠢᠨᠢ ᠪᠠᠷ   ᠨᠡᠶᠢᠲᠡᠯᠡᠵᠦ᠂ ︽ᠳᠤᠮᠳᠠᠳᠤ ᠤᠯᠤᠰ ᠤᠨ ᠪᠠᠭ᠋ᠠᠷᠣᠮ᠎ᠠ ᠰᠠᠶᠢᠬᠠᠨ ᠬᠤᠳᠠ ᠲᠣᠭᠤᠷᠢᠭ︾᠂︽ᠳᠤᠮᠳᠠᠳᠤ ᠤᠯᠤᠰ ᠤᠨ ᠪᠠᠭ᠋ᠠᠷᠣᠮ᠎ᠠ ᠰᠠᠶᠢᠬᠠᠨ ᠰᠢᠶᠠᠨ ᠤ ᠲᠡᠰ ᠤᠨ ᠬᠤᠳᠠ︾᠂︽ᠳᠤᠮᠳᠠᠳᠤ ᠤᠯᠤᠰ ᠤᠨ ᠪᠠᠭ᠋ᠠᠷᠣᠮ᠎ᠠ ᠰᠠᠶᠢᠬᠠᠨ ᠰᠢᠶᠠᠨ ᠤ ᠲᠦᠪ︾ ᠭᠡᠬᠦ ᠢᠷᠠᠭᠤ ᠠᠯᠳᠠᠷ ᠢ ᠭᠥᠷᠳᠡᠭᠰᠡᠨ ᠬᠡᠰᠡᠭ ᠲᠥᠯᠥᠭᠡᠯᠡᠭᠴᠢ ᠷᠠᠰᠢᠶᠠᠨ ᠬᠤᠲᠠ ᠳᠤ ᠴᠤᠭᠯᠠᠷᠠᠵᠠᠢ᠃
02.jpg
       ᠲᠣᠰ ᠮᠡᠳᠡᠭᠦᠯᠦᠯᠲᠡ ᠳᠤ ︽ᠬᠤᠲᠠ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ᠂ ᠴᠠᠭ ᠤᠨ ᠤᠷᠤᠰᠬᠠᠯ ᠤᠨ ᠬᠡᠷᠡᠭᠯᠡᠭᠡᠨ ᠤ ᠬᠦᠴᠦᠨ ᠪᠠ ᠨᠠᠷᠠᠲᠤ ᠲᠡᠮᠳᠡᠭ ᠤᠨ ᠲᠤᠯᠭᠠᠭᠤᠷᠢᠯᠠᠬᠤ ᠬᠦᠴᠦᠨ︾ ᠵᠡᠷᠭᠡ ᠭᠦᠢᠴᠡᠳᠬᠡᠯ ᠲᠤᠭ᠎ᠠ ᠠᠴᠠ ᠶᠡᠷᠦᠩᠬᠡᠶᠢᠯᠡᠨ  ᠲᠥᠰᠥᠭᠡᠯᠡᠨ ᠪᠣᠳᠣᠵᠤ᠂ 2023 ᠣᠨ ᠤ ᠳᠤᠮᠳᠠᠳᠤ ᠤᠯᠤᠰ ᠤᠨ ᠪᠠᠭ᠋ᠠᠷᠣᠮ᠎ᠠ ᠰᠠᠶᠢᠬᠠᠨ ᠬᠤᠲᠠ ᠶᠢᠨ ᠭᠦᠢᠴᠡᠳᠬᠡᠯ ᠲᠤᠭ᠎ᠠ ᠶᠢᠨ ᠦᠨᠡᠯᠡᠯᠲᠡ ᠶᠢᠨ ᠦᠷ᠎ᠡ ᠳ᠋ᠦᠩ ᠢ ᠪᠣᠶ ᠪᠣᠯᠭᠠᠪᠠ᠃ ᠡᠭᠦᠨ ᠳᠤ᠂ ᠬᠥᠮᠥᠰ ᠤᠨ ᠴᠢᠬᠢᠨ ᠳᠤ ᠬᠠᠳᠠᠩᠰᠢᠭᠰᠠᠨ ᠴᠣᠣᠶᠠᠩ ᠲᠣᠭᠤᠷᠢᠭ᠂ ᠰᠢᠦᠢ ᠾᠦᠢ ᠲᠣᠭᠤᠷᠢᠭ᠂ ᠴᠢᠩ ᠶᠠᠩ ᠲᠣᠭᠤᠷᠢᠭ ᠵᠡᠷᠭᠡ ᠪᠠᠶᠢᠬᠤ ᠪᠠᠷ ᠪᠠᠷᠠᠬᠤ ᠦᠭᠡᠢ ᠪᠠᠰᠠ ᠽᠢ ᠪᠥᠸᠧ ᠶᠢᠨ ᠵᠠᠩ ᠳ᠋ᠢᠶᠠᠨ ᠲᠣᠭᠤᠷᠢᠭ᠂ ᠣᠷᠳᠣᠰ ᠤᠨ ᠬᠢᠶ᠎ᠠ ᠪᠠᠭᠰᠢ ᠲᠣᠭᠤᠷᠢᠭ ᠵᠡᠷᠭᠡ ︽ᠰᠦᠯᠵᠢᠶᠡᠨ ᠣᠳᠣᠨ ᠬᠤᠲᠠ︾ ᠪᠣᠶ᠃
03.jpg
       ᠲᠤᠰ ᠣᠳᠠᠭᠠᠨ ᠤ ᠶᠠᠷᠢᠶᠠᠨ ᠤ ᠲᠠᠪᠴᠠᠩ ᠳᠡᠭᠡᠷ᠎ᠡ᠂ ᠳᠤᠮᠳᠠᠳᠤ ᠤᠯᠤᠰ ᠤᠨ  ᠪᠠᠭ᠋ᠠᠷᠣᠮ᠎ᠠ ᠰᠠᠶᠢᠬᠠᠨ ᠬᠤᠳᠠ ᠶᠢᠨ ᠵᠢᠭᠠᠯᠲᠠ ᠲᠤᠭ᠎ᠠ ᠶᠢᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠭᠰᠠᠨ ᠬᠢᠶ᠎ᠠ ᠪᠠᠭᠰᠢ ᠲᠣᠭᠤᠷᠢᠭ ᠤᠨ ᠬᠢᠨ ᠤᠷᠢᠯᠭ᠎ᠠ ᠪᠠᠷ ᠬᠤᠳᠠ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠨ ᠬᠤᠪᠢᠶᠠᠯᠴᠠᠪᠠ᠃ ᠡᠨᠡᠬᠦ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠬᠤᠳᠠ ᠨᠢ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠥᠬᠦᠷᠡᠰᠢ ᠦᠭᠡᠢ  ᠴᠢᠩᠭᠠᠳᠬᠠᠨ᠂ ᠪᠣᠬᠢᠷᠲᠤᠯ ᠦᠭᠡᠢ ᠠᠵᠤ ᠦᠢᠯᠡᠰ ᠢ ᠪᠣᠶᠢᠵᠢᠭᠤᠯᠬᠤ᠂ ᠪᠣᠬᠢᠷᠲᠤᠯ ᠦᠭᠡᠢ ᠠᠵᠤ ᠠᠬᠤᠢ ᠶᠢ ᠬᠥᠭᠵᠢᠭᠦᠯᠬᠦ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠲᠣᠷᠭᠠᠨ ᠵᠠᠮ ᠤᠨ ᠴᠡᠴᠡᠷᠯᠢᠭ ᠬᠤᠳᠠ ᠶᠢ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠭᠠᠨ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠰᠢᠭᠤᠢ ᠬᠤᠳᠠ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠰᠠᠶᠢᠨ ᠰᠠᠶᠢᠬᠠᠨ ᠠᠮᠢ ᠠᠬᠤᠢ ᠶᠢᠨ ᠪᠠᠶᠢᠷᠢᠰᠢᠯ ᠢ ᠴᠣᠭᠴᠠᠯᠠᠨ  ᠪᠠᠶᠢᠭᠤᠯᠣᠨ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠵᠣᠯ ᠵᠢᠷᠭᠠᠯ ᠤᠨ ᠲᠥᠯᠥᠭᠡ ᠦᠨ᠎ᠡ ᠨᠡᠮᠡᠬᠦ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃
04.jpg
 
ᠢᠷᠡᠯᠲᠡ᠄ ᠲᠣᠰ ᠰᠥᠯᠵᠢᠶ᠎ᠡ