ᠬᠠᠨᠭ᠍ᠬᠢᠨ ᠬᠤᠰᠢᠭᠤᠨ ᠤ ᠡᠨᠡ ᠵᠢᠯ ᠤᠨ ᠳᠦᠷᠦᠬᠦᠦ ᠪᠦᠯᠦᠭ ᠡᠮᠦᠨᠡᠲᠦ ᠠᠮᠧᠷᠢᠺᠠ ᠶᠢᠨ ᠰᠠᠮ ᠬᠤᠷᠣᠬᠠᠶ ᠵᠠᠬ᠎ᠠ ᠲᠡᠯᠭᠡᠭᠦᠷ ᠲᠤ ᠭᠠᠷᠤᠯ᠎ᠠ
ᠨᠡᠶᠢᠲᠡᠯᠡᠭᠰᠡᠨ ᠴᠠᠭ᠄
2023/9/5
     ᠦᠢᠷ᠎ᠠ ᠶᠢᠨ ᠡᠳᠤᠷ᠂ ᠬᠠᠩᠭᠢᠨ ᠬᠤᠰᠢᠭᠤᠨ ᠤ ᠳ᠋ᠦᠩ ᠱᠦᠸᠧ ᠤᠰᠤᠨ ᠭᠠᠷᠤᠯᠲᠠ ᠶᠢᠨ ᠲᠡᠵᠢᠭᠡᠪᠤᠷᠢ ᠶᠢᠨ ᠠᠵᠤ ᠠᠬᠤᠶᠢᠯᠠᠯ ᠤᠨ ᠬᠢᠨ ᠡᠨᠡ ᠵᠢᠯ ᠤᠨ ᠳᠦᠷᠦᠬᠦᠦ  ᠪᠦᠯᠦᠭ ᠡᠮᠦᠨᠡᠳᠤ ᠠᠮᠧᠷᠢᠺᠡ ᠶᠢᠨ ᠰᠠᠮ ᠬᠤᠷᠤᠬᠠᠢ ᠪᠠᠨ ᠵᠠᠬ᠎ᠠ ᠳᠡᠯᠭᠡᠬᠦᠷ ᠲᠤ ᠭᠠᠷᠭᠠᠭᠠᠳ᠂ ᠬᠡᠷᠡᠭᠯᠡᠭᠴᠢᠳ ᠤᠨ ᠳᠠᠭᠠᠰᠢᠶᠠᠯ ᠢ ᠤᠯᠵᠦ᠂ ᠪᠤᠷᠤᠯᠠᠠᠭᠤᠯᠭ᠎ᠠ ᠰᠠᠶᠢᠳᠠᠢ ᠪᠤᠯᠪᠠ᠃     ᠣᠶᠢᠯᠠᠭᠠᠭᠰᠠᠨ ᠢᠶᠠᠷ᠂ ᠬᠠᠩᠭᠢᠨ ᠬᠤᠰᠢᠭᠤᠨ ᠤ ᠳ᠋ᠦᠩ ᠱᠦᠸᠧ ᠤᠰᠤᠨ ᠭᠠᠷᠤᠯᠲᠠ ᠶᠢᠨ ᠲᠡᠵᠢᠭᠡᠪᠤᠷᠢ ᠶᠢᠨ ᠠᠵᠤ ᠠᠬᠤᠶᠢᠯᠠᠯ ᠤᠨ ᠬᠢᠨ 2022 ᠣᠨ ᠳᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠦᠢᠯᠡᠳᠪᠤᠷᠢᠴᠢᠯᠡᠭᠰᠡᠨ ᠮᠠᠶ᠋ᠢᠭ ᠤᠨ ᠰᠠᠮ ᠬᠤᠷᠣᠬᠠᠢ ᠲᠡᠵᠢᠭᠡᠨ ᠦᠷᠡᠵᠢᠭᠦᠯᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠠᠰᠢᠭᠯᠠᠨ 7000 ᠭᠠᠷᠤᠢ ᠲᠡᠭᠰᠢ ᠳᠥᠷᠪᠡᠯᠵᠢᠨ ᠮᠧᠲᠷ ᠤᠨ ᠲᠠᠯᠠᠪᠠᠢ ᠪᠦᠬᠦᠢ 6 ᠬᠦᠯᠡᠮᠵᠢ ᠶᠢ ᠲᠡᠵᠢᠭᠡᠨ ᠦᠷᠡᠵᠢᠭᠦᠯᠬᠦ ᠲᠠᠰᠤᠭ ᠪᠤᠯᠭᠠᠵᠦ᠂ ᠬᠠᠮᠢᠶ᠎ᠠ ᠪᠦᠬᠦᠢ ᠲᠥᠬᠦᠭᠡᠷᠦᠮᠵᠢ ᠶᠢ ᠢᠵᠢ ᠪᠦᠷᠢᠳᠦᠭᠦᠯᠤᠨ᠂ ᠡᠮᠦᠨᠡᠲᠦ ᠠᠮᠧᠷᠢᠺᠠ ᠶᠢᠨ ᠰᠠᠮ ᠬᠤᠷᠣᠬᠠᠢ ᠶᠢ ︽ᠳᠤᠯᠠᠭᠠᠨ ᠬᠦᠯᠡᠮᠵᠢ︾ ᠳᠤ ᠳᠡᠵᠢᠬᠡᠨ ᠦᠷᠡᠵᠢᠬᠦᠯᠵᠦ ᠡᠬᠢᠯᠡᠭᠰᠡᠨ ᠪᠠᠶᠢᠨ᠎ᠠ᠃ ᠡᠶᠢᠨ ᠭᠦ ᠦᠢᠯᠡᠳᠪᠤᠷᠢᠴᠢᠯᠡᠭᠰᠡᠨ ᠮᠠᠶ᠋ᠢᠭ ᠢᠶᠠᠷ ᠥᠨᠳᠥᠷ ᠨᠢᠭᠲᠠᠴᠠ ᠲᠠᠢ ᠲᠡᠵᠢᠭᠡᠨ ᠦᠷᠡᠵᠢᠭᠦᠯᠬᠦ ᠬᠡᠯᠪᠡᠷᠢ ᠶᠢᠨ ᠦᠷ᠎ᠡ ᠠᠰᠢᠭ ᠨᠢ ᠤᠤᠯ ᠤᠨ ᠳᠡᠵᠢᠬᠡᠨ ᠦᠷᠡᠵᠢᠬᠦᠯᠬᠦ ᠬᠡᠯᠪᠡᠷᠢ ᠲᠠᠢ ᠬᠠᠷᠢᠴᠠᠭᠤᠯᠪᠠᠯ 10 — 20 ᠳᠠᠬᠢᠨ ᠢᠯᠡᠬᠦᠦ ᠪᠠᠶᠢᠵᠦ᠂ ᠰᠠᠮ ᠬᠤᠷᠤᠬᠠᠢ ᠶᠢ ᠭᠤᠤᠯᠳᠠᠭᠤ ᠬᠥᠬᠡᠬᠤᠲᠠ᠂ ᠪᠤᠭᠤᠲᠤ᠂ ᠤᠷᠳᠤᠰ᠂ ᠪᠠᠶᠠᠨᠨᠠᠭᠤᠷ᠂ ᠦᠬᠠᠢ ᠵᠡᠷᠭᠡ ᠭᠠᠵᠠᠷ ᠤᠳ ᠲᠤ ᠪᠤᠷᠤᠯᠠᠭᠤᠯᠵᠤ ᠪᠤᠢ᠃     ᠣᠳᠣᠬᠠᠨ ᠳᠤ᠂ ᠲᠤᠰ ᠺᠤᠮᠫᠠᠨᠢ ᠨᠢ ᠰᠠᠮ ᠬᠤᠷᠤᠬᠠᠢ ᠳᠡᠵᠢᠬᠡᠨ ᠦᠷᠡᠵᠢᠬᠦᠯᠬᠦ 28 ᠭᠦᠯᠡᠮᠵᠢ ᠲᠠᠢ ᠪᠠᠶᠢᠵᠦ᠂ ᠵᠢᠱᠢᠯᠳᠠ ᠪᠠᠷ᠂ ᠡᠨᠡ ᠵᠢᠯ ᠤᠨ ᠰᠠᠮ ᠬᠤᠷᠤᠬᠠᠢ ᠶᠢᠨ ᠭᠠᠷᠤᠯᠳᠠ ᠪᠠᠷᠤᠭ 20 ᠲᠦᠮᠡᠨ ᠵᠢᠩ ᠠᠴᠠ 30 ᠲᠦᠮᠡᠨ ᠵᠢᠩ ᠳᠤ ᠬᠦᠷᠬᠦ ᠪᠤᠯᠤᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ