ᠪᠠᠶᠢᠭᠠᠯᠢ  ᠶᠢᠨ ᠡᠬᠢ ᠪᠠᠶᠠᠯᠢᠭ  ᠤᠨ ᠬᠠᠮᠢᠶᠠᠷᠤᠯᠲᠠ ᠶᠢᠨ ᠡᠮᠬᠢ ᠵᠢᠷᠤᠮ ᠢ ᠴᠢᠨᠠᠭᠰᠢᠳᠠ ᠵᠢᠷᠤᠮᠵᠢᠭᠤᠯᠬᠤ ᠲᠤᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2023/9/7
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂  ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ  ᠨᠠᠶᠢᠲᠠᠪᠤᠷᠢᠵᠢᠭᠤᠯᠵᠤ ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠵᠢᠷᠤᠮ ᠢ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ  ᠠᠬᠢᠭᠤᠯᠬᠤ  ᠶᠢᠨ ᠲᠤᠰᠠᠳᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠣᠣᠷᠠᠬᠢ ᠰᠠᠨᠠᠯ ᠢ ᠲᠣᠭᠲᠠᠭᠠᠪᠠ᠃      ᠨᠢᠭᠡ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠰᠠᠬᠢᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠨ᠎ᠡ      ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠳᠦᠷᠢᠮ ᠲᠣᠭᠲᠠᠭᠠᠯ ᠢ ᠴᠢᠩᠭ᠎ᠠ ᠬᠡᠷᠡᠭᠵᠢᠬᠦᠯᠵᠤ᠂ ᠭᠠᠵᠠᠷ ᠰᠢᠷᠣᠢ ᠶᠢ ᠬᠠᠤᠯᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠪᠠ ᠠᠰᠢᠭᠯᠠᠵᠤ᠂ ᠶᠠᠮᠠᠷᠪᠠ ᠠᠵᠤ ᠠᠬᠤᠶᠢᠯᠠᠯ᠂ ᠬᠤᠪᠢ ᠬᠥᠮᠥᠨ ᠭᠡᠳ ᠶᠠᠮᠠᠷᠪᠠ ᠰᠢᠯᠲᠠᠭ ᠪᠠ ᠨᠡᠷ᠎ᠡ ᠪᠠᠷ ᠭᠠᠵᠠᠷ ᠰᠢᠷᠣᠢ ᠶᠢ ᠲᠣᠭᠲᠠᠭᠠᠯ  ᠠᠴᠠ ᠵᠥᠷᠢᠴᠡᠨ ᠬᠡᠷᠡᠭᠯᠡᠵᠦ ᠪᠣᠯᠬᠤ ᠦᠭᠡᠢ᠂ ᠡᠰᠡ ᠲᠡᠭᠡᠪᠡᠯ ᠴᠥᠮ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠭᠠᠵᠠᠷ ᠰᠢᠷᠣᠢ ᠶᠢ ᠬᠠᠤᠯᠢ ᠶᠣᠰᠣᠭᠠᠷ ᠵᠥᠪᠰᠢᠶᠡᠷᠡᠬᠦ᠂ ᠬᠡᠷᠡᠭᠯᠡᠬᠦ  ᠪᠠ ᠬᠠᠮᠢᠶᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠪᠦᠬᠦ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠤᠭᠰᠠᠨ ᠦᠭᠡᠢ ᠲᠦᠷᠦᠯ ᠵᠦᠢᠯ ᠪᠦᠬᠦᠨ ᠳᠤ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠯᠲᠠ᠂ ᠡᠨᠧᠷᠭᠢ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠬᠢᠵᠦ ᠦᠭᠴᠦ ᠪᠣᠯᠬᠤ ᠦᠭᠡᠢ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠭᠠᠵᠠᠷ ᠰᠢᠷᠤᠢ ᠬᠢᠨᠠᠨ ᠵᠥᠪᠰᠢᠶᠡᠷᠡᠬᠦ ᠦᠭᠡᠢ ᠪᠤᠶᠤ ᠬᠠᠩᠭᠠᠨ  ᠬᠡᠷᠡᠭᠯᠡᠬᠦᠯᠬᠦ ᠦᠭᠡᠢ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠠᠢ᠃      ᠬᠤᠶᠠᠷ᠂ ᠠᠭᠤᠷᠬᠠᠢ ᠶᠢᠨ ᠶᠠᠪᠤᠳᠠᠯ  ᠤᠨ ᠬᠠᠮᠢᠶᠠᠷᠤᠯᠲᠠ ᠶᠢ ᠴᠢᠩᠭᠠᠳᠬᠠᠵᠤ᠂ ᠠᠭᠤᠷᠬᠠᠢ ᠶᠢᠨ ᠦᠢᠯᠡᠰ ᠲᠤ ᠬᠡᠷᠡᠭᠯᠡᠬᠦ ᠭᠠᠵᠠᠷ  ᠢ ᠦᠨᠡᠨᠬᠦ ᠵᠢᠷᠤᠮᠵᠢᠭᠤᠯᠤᠨ ᠬᠠᠮᠢᠶᠠᠷᠤᠨ᠎ᠠ      ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠨᠡᠶᠢᠴᠡᠬᠦ ᠦᠭᠡᠢ ᠠᠭᠤᠷᠬᠠᠢ ᠶᠢᠨ ᠦᠢᠯᠡᠰ ᠤᠨ ᠡᠷᠬᠡ ᠪᠦᠬᠦᠨ ᠳᠤ ᠰᠢᠨ᠎ᠡ ᠪᠠᠷ ᠪᠠᠶᠢᠭᠤᠯᠬᠤ᠂ ᠦᠷᠭᠦᠯᠵᠢᠯᠡᠭᠦᠯᠬᠦ᠂ ᠬᠤᠪᠢᠷᠠᠭᠤᠯᠬᠤ ᠳᠠᠩᠰᠠᠯᠠᠯᠲᠠ ᠶᠢᠨ ᠭᠠᠷᠳᠠᠮ ᠢ  ᠬᠦᠢᠴᠡᠳᠬᠡᠨ ᠦᠭᠴᠦ ᠪᠣᠯᠬᠤ ᠦᠭᠡᠢ︔ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠳᠤ ᠨᠡᠶᠢᠴᠡᠬᠦ ᠦᠭᠡᠢ ᠠᠭᠤᠷᠬᠠᠢ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠵᠦ ᠪᠣᠯᠬᠤ ᠦᠭᠡᠢ︔ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠮᠳᠠ ᠪᠠᠷ ᠬᠤᠳᠠᠯᠳᠤᠬᠤ᠂ ᠠᠭᠤᠷᠬᠠᠢ ᠶᠢᠨ ᠡᠷᠬᠡ ᠶᠢᠨ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ᠂ ᠠᠭᠤᠷᠬᠠᠢ ᠬᠠᠶᠢᠬᠤ ᠡᠷᠬᠡ ᠶᠢ ᠠᠭᠤᠷᠬᠠᠢ ᠮᠠᠯᠲᠠᠬᠤ ᠡᠷᠬᠡ ᠪᠤᠯᠭᠠᠨ ᠰᠢᠯᠵᠢᠭᠦᠯᠬᠦ ᠵᠡᠷᠭᠡ ᠳᠤ ᠬᠤᠯᠪᠣᠭᠳᠠᠬᠤ ᠵᠦᠢᠯ ᠪᠦᠬᠦᠨ ᠢ ᠡᠷᠬᠡᠪᠰᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢᠶᠠᠷ ᠬᠠᠮᠲᠤ ᠪᠠᠷ ᠰᠤᠳᠤᠯᠤᠨ ᠲᠣᠭᠲᠠᠭᠠᠯᠭᠠᠬᠤ ᠬᠡᠷᠡᠭᠲᠡᠢ᠃ ᠵᠠᠳᠠᠭᠠᠢ ᠨᠡᠭᠦᠷᠡᠰᠦᠨ ᠠᠭᠤᠷᠬᠠᠢ ᠶᠢᠨ ᠲᠦᠷ ᠬᠡᠷᠡᠭᠯᠡᠬᠦ ᠭᠠᠵᠠᠷ ᠰᠢᠷᠣᠢ ᠳᠤ ᠴᠢᠭᠯᠡᠭᠦᠯᠦᠨ᠂ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠢᠨᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ ᠳᠠᠬᠢᠨ ᠬᠠᠭᠠᠯᠪᠤᠷᠢᠯᠠᠵᠤ ᠭᠠᠵᠠᠷ ᠰᠢᠷᠣᠢ ᠶᠢ ᠰᠡᠷᠭᠦᠭᠡᠬᠦ ᠶᠢ ᠦᠨᠡᠨᠬᠦ ᠪᠠᠲᠤᠯᠠᠵᠤ᠂ ︽ᠡᠬᠦᠨ ᠢ ᠵᠦᠪᠰᠢᠶᠡᠷᠡᠭᠰᠡᠨ ᠪᠠᠶᠢᠬᠤ ᠳᠤ  ᠲᠡᠬᠦᠨ ᠢ ᠪᠠᠶᠢᠭᠤᠯᠬᠤ᠂ ᠪᠠᠭ᠎ᠠ ᠪᠠᠷ ᠪᠠᠶᠢᠭᠤᠯᠬᠤ  ᠶᠢ ᠵᠦᠪᠰᠢᠶᠡᠷᠡᠭᠰᠡᠨ ᠪᠠᠶᠢᠬᠤ ᠳᠤ ᠶᠡᠭᠡ  ᠪᠠᠷ ᠪᠠᠶᠢᠭᠤᠯᠬᠤ︾ ᠶᠢ ᠴᠢᠩᠭ᠎ᠠ  ᠴᠠᠭᠠᠵᠠᠯᠠᠵᠤ᠂ ᠡᠰᠡ ᠲᠡᠭᠡᠪᠡᠯ ᠲᠦᠷ ᠬᠡᠷᠡᠭᠯᠡᠬᠦ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠣᠭᠰᠣᠭᠠᠨ᠎ᠠ᠃ ᠦᠢᠯᠡᠳᠪᠦᠷᠢ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠨᠡᠭᠦᠷᠡᠰᠦᠨ ᠤ ᠬᠢᠨᠠᠯᠲᠠ ᠬᠠᠮᠢᠶᠠᠷᠤᠯᠲᠠ ᠪᠠ ᠡᠨᠧᠷᠭᠢ ᠶᠢᠨ ᠰᠠᠯᠠᠭ᠎ᠠ ᠮᠥᠴᠢᠷ ᠤᠳ ᠲᠠᠰ ᠳᠠᠪᠬᠤᠷᠭ᠎ᠠ  ᠠᠴᠠ ᠬᠡᠲᠦᠷᠡᠭᠦᠯᠦᠨ ᠵᠠᠭᠠᠭ ᠳᠠᠪᠠᠭᠰᠠᠨ᠂ ᠵᠥᠪᠰᠢᠶᠡᠷᠡᠯ ᠦᠭᠡᠢ ᠪᠠᠷ ᠤᠷᠢᠳᠠᠪᠠᠷ ᠪᠠᠶᠢᠭᠤᠯᠤᠭᠰᠠᠨ ᠵᠡᠷᠭᠡ ᠲᠣᠭᠲᠠᠭᠠᠯ  ᠠᠴᠠ ᠵᠥᠷᠢᠴᠡᠨ ᠠᠭᠤᠷᠬᠠᠢ ᠮᠠᠯᠲᠠᠭᠰᠠᠨ ᠮᠡᠳᠡᠭᠡ ᠵᠠᠩᠭᠢ ᠶᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠢ ᠪᠤᠯᠭᠠᠬᠤ ᠬᠡᠷᠡᠭᠲᠠᠢ᠃ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ᠂ ᠠᠮᠢ ᠠᠬᠤᠢ ᠶᠢᠨ ᠰᠡᠷᠭᠦᠭᠡᠯᠲᠡ ᠶᠢ ᠪᠣᠳᠠᠲᠠᠶᠢᠵᠢᠭᠤᠯᠤᠭᠰᠠᠨ ᠦᠭᠡᠢ ᠠᠭᠤᠷᠬᠠᠢ ᠳᠤ ᠴᠢᠭᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠠᠮᠢᠶᠠᠷᠤᠨ ᠡᠵᠡᠮᠳᠡᠬᠦ ᠨᠡᠷᠡᠰ ᠲᠤ ᠵᠢᠭᠰᠠᠭᠠᠨ ᠣᠷᠣᠭᠤᠯᠵᠤ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠠᠯ᠎ᠠ ᠪᠠᠷ ᠬᠢᠵᠠᠭᠠᠷᠯᠠᠬᠤ ᠠᠷᠭ᠎ᠠ ᠬᠡᠮᠵᠢᠶ᠎ᠡ  ᠠᠪᠬᠤ ᠬᠡᠷᠡᠭᠲᠠᠢ᠃      ᠭᠤᠷᠪᠠ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠷᠢᠮᠲᠠᠯᠠᠨ᠎ᠠ      ᠪᠠᠶᠢᠩᠭᠤᠵᠢᠭᠰᠠᠨ᠂ ᠪᠣᠰᠤᠭ᠎ᠠ ᠴᠣᠭᠴᠠᠵᠢᠭᠰᠠᠨ᠂ ᠳᠦᠷᠢᠮᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠴᠠᠭᠠᠵᠠ ᠯᠤᠭ᠎ᠠ  ᠵᠤᠯᠭᠠᠯᠴᠠᠭᠤᠯᠬᠤ᠂ ᠲᠣᠮᠣ ᠳ᠋ᠠᠶᠢᠲ᠋ᠠ  ᠯᠤᠭ᠎ᠠ ᠠᠭᠤᠰᠤᠯᠴᠠᠭᠤᠯᠬᠤ  ᠶᠢ ᠠᠬᠢᠭᠤᠯᠵᠤ᠂ ᠴᠠᠭ ᠲᠤᠬᠠᠢ ᠳᠤᠨᠢ ᠢᠯᠡᠷᠡᠬᠦᠯᠦᠨ ᠮᠡᠳᠡᠬᠦᠯᠵᠤ᠂ ᠰᠢᠢᠳᠪᠦᠷᠢᠯᠡᠨ ᠬᠤᠷᠢᠭᠯᠠᠵᠤ᠂ ᠭᠠᠵᠠᠷ ᠰᠢᠷᠣᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠬᠤ ᠬᠡᠷᠡᠭᠲᠠᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ᠂ ᠴᠢᠩᠭ᠎ᠠ ᠬᠢᠨᠠᠨ ᠬᠠᠮᠢᠶᠠᠷᠬᠤ ᠦᠭᠡᠢ ᠪᠠᠶᠢᠬᠤ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂  ᠲᠤᠳᠤᠷ᠎ᠠ ᠪᠠᠨ ᠴᠢᠩᠳᠠᠯᠠᠬᠤ ᠶᠢ ᠪᠠᠷᠢᠮᠲᠠᠯᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠶᠢᠨ ᠰᠠᠶᠢᠬᠠᠨ ᠡᠮᠬᠢ ᠳᠢᠭᠯᠢᠮ ᠢ ᠠᠬᠢᠭᠤᠯᠤᠨ ᠬᠠᠮᠠᠭᠠᠯᠠᠬᠤ ᠬᠡᠷᠡᠭᠲᠡᠢ᠃ ᠡᠯ᠎ᠡ ᠬᠤᠰᠢᠭᠤ  ᠲᠤᠭᠤᠷᠢᠭ ᠲᠤ ᠰᠣᠩᠭᠤᠯᠲᠠ ᠶᠢᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ᠂ ︽ᠨᠠᠶᠢᠷ ᠲᠠᠯ᠎ᠠ ᠪᠠᠷ ᠬᠠᠤᠯᠢ ᠬᠡᠷᠡᠭᠵᠢᠭᠦᠯᠬᠦ︾᠂ ︽ᠢᠳᠡᠬᠦ ᠠᠪᠬᠤ  ᠭᠠᠴᠠᠬᠤ ᠨᠡᠬᠡᠬᠦ︾ ᠵᠡᠷᠭᠡ ᠦᠶᠯᠡ ᠠᠵᠢᠯᠯᠠᠭ᠎ᠠ ᠢᠯᠡᠷᠡᠪᠡᠯ ᠡᠷᠬᠡᠪᠰᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ︽ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠦᠷ᠎ᠡ ᠳ᠋ᠦᠩ ᠢ ᠴᠢᠩᠭ᠎ᠠ ᠰᠢᠳᠬᠡᠬᠦ︾ ᠱᠠᠭᠠᠷᠳᠠᠯᠭ᠎ᠠ ᠶᠢ ᠴᠢᠩᠭ᠎ᠠ  ᠨᠠᠶᠢᠲᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠣᠨᠣᠯᠵᠢᠬᠤᠨ ᠢ ᠬᠤᠪᠢᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠥᠳᠡᠯᠦᠩᠭᠦᠢ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠤᠯᠢ ᠶᠢ ᠵᠥᠷᠢᠴᠡᠭᠰᠡᠨ ᠢ ᠱᠠᠩᠨᠠᠯ ᠲᠠᠢ ᠢᠯᠡᠴᠢᠯᠡᠨ ᠮᠡᠳᠡᠭᠦᠯᠬᠦ ᠵᠡᠷᠭᠡ ᠶᠢ ᠬᠡᠷᠡᠭᠵᠢᠭᠦᠯᠵᠦ᠂ ᠣᠯᠠᠨ ᠨᠡᠶᠢᠲᠡ ᠶᠢ ᠳᠠᠶᠢᠴᠢᠯᠠᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠢᠯᠡᠴᠢᠯᠡᠨ ᠮᠡᠳᠡᠭᠦᠯᠬᠦ  ᠬᠠᠯᠠᠮᠰᠢᠯ ᠤᠲᠠᠰᠤ᠂ ᠢᠨᠲ᠋ᠧᠷ ᠰᠦᠯᠵᠢᠶ᠎ᠡ᠂ ᠸᠢᠴᠠᠲ ᠵᠡᠷᠭᠡ ᠠᠷᠭ᠎ᠠ ᠪᠠᠷᠢᠯ ᠢᠶᠠᠷ ᠬᠠᠤᠯᠢ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠎ᠡ︔ ᠥᠨᠳᠥᠷ ᠬᠤᠪᠢᠶᠠᠷᠢᠲᠤ ᠳᠠᠭᠠᠭᠤᠯᠢ ᠣᠲᠣ᠂ ᠵᠢᠯᠣᠭᠤᠴᠢ ᠦᠭᠡᠢ ᠨᠢᠰᠬᠡᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠲᠠᠯ᠎ᠠ ᠪᠠᠷ ᠬᠢ ᠬᠡᠷᠡᠭᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ ᠳᠡᠯᠭᠡᠷᠡᠭᠦᠯᠵᠦ ᠂ ᠬᠠᠤᠯᠢ ᠬᠡᠷᠡᠭᠵᠢᠭᠦᠯᠬᠦ ᠪᠣᠭᠤᠮᠲᠠ ᠶᠢ ᠤᠷᠤᠭᠰᠢ ᠰᠢᠯᠵᠢᠭᠦᠯᠬᠦ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠤᠨ᠎ᠠ᠃ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠪᠥᠬᠦ ᠲᠠᠯ᠎ᠠ ᠶᠢ ᠬᠠᠮᠤᠷᠬᠤ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠰᠤᠮᠤ ᠰᠢᠶᠠᠩ ᠪᠠᠯᠭᠠᠰᠤ ᠪᠠᠷ ᠲᠣᠥᠷᠵᠢᠭᠤᠯᠤᠭᠰᠠᠨ ᠨᠢᠭᠡᠴᠡ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠲᠤᠭᠳᠠᠯᠴᠠᠭ᠎ᠠ ᠶᠢ  ᠪᠠᠶᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠢᠨᠠᠨ ᠬᠠᠮᠢᠶᠠᠷᠴᠤ ᠰᠡᠷᠭᠡᠶᠢᠯᠡᠨ ᠬᠠᠮᠠᠭᠠᠯᠠᠬᠤ ᠲᠣᠣᠷ ᠢ ᠨᠢᠭᠲᠠ ᠰᠦᠯᠵᠢᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ᠂ ᠲᠣᠭᠤᠷᠢᠨ ᠪᠠᠶᠢᠴᠠᠭᠠᠬᠤ ᠵᠢᠴᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃      ᠳᠥᠷᠪᠡ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ      ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠷᠰᠢᠯᠭ᠎ᠠ ᠪᠠᠨ ᠪᠦᠬᠦ ᠲᠠᠯ᠎ᠠ  ᠪᠠᠷ ᠳ᠋ᠦᠩᠨᠡᠵᠦ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ︽ᠰᠢᠯᠭᠠᠨ ᠦᠨᠡᠯᠡᠬᠦ ᠤᠷᠮᠠᠰᠢᠭᠤᠯᠬᠤ ᠲᠣᠭᠲᠠᠴᠠ︾᠂ ︽ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ︾᠂ ︽ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ︾᠂ ︽ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠨᠡᠪᠲᠡᠷᠡᠯᠴᠡᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ︾ ᠵᠡᠷᠭᠡ ᠳᠦᠷᠢᠮ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠬᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠲᠥᠯᠥᠪᠵᠢᠭᠦᠯᠬᠦ᠂ ᠭᠠᠵᠠᠷ ᠰᠢᠷᠣᠢ ᠶᠢ ᠲᠠᠲᠠᠪᠤᠷᠢᠯᠠᠬᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠬᠤ᠂ ᠭᠠᠵᠠᠷ ᠰᠢᠷᠣᠢ ᠶᠢ ᠨᠡᠭᠡᠭᠡᠨ ᠠᠰᠢᠭᠯᠠᠬᠤ᠂ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ ᠵᠡᠷᠭᠡ ᠭᠤᠭᠴᠤᠭᠠᠨ ᠠᠴᠠ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠨ᠎ᠠ᠃ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ ᠬᠤᠰᠢᠭᠤ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠬᠡᠷᠡᠭᠯᠡᠯᠲᠡ᠂ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ᠂ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯ ᠰᠢᠭᠤᠳ ᠬᠠᠷᠢᠭᠤᠴᠠᠯᠭᠠᠲᠠᠨ ᠪᠣᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠬᠠᠮᠢᠶᠠᠷᠴᠤ ᠬᠡᠷᠡᠭᠯᠡᠬᠦ ᠳᠤ ᠰᠢᠭᠤᠳ ᠬᠢᠨᠠᠨ ᠬᠠᠮᠢᠶᠠᠷᠬᠤ ᠬᠠᠤᠯᠢ ᠶᠣᠰᠣᠨ ᠤ ᠭᠠᠵᠠᠷ ᠬᠡᠷᠡᠭᠯᠡᠬᠦ ᠭᠠᠷᠳᠠᠮ ᠣᠯᠣᠭᠰᠠᠨ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ ᠪᠣᠯᠬᠤ ᠦᠭᠡᠢ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠰᠠᠯᠠᠭ᠎ᠠ ᠮᠥᠴᠢᠷ ᠨᠢ ᠳᠠᠩᠰᠠᠯᠠᠭᠤᠯᠬᠤ ᠭᠠᠷᠳᠠᠮ ᠭᠦᠢᠴᠡᠳᠬᠡᠵᠦ ᠪᠣᠯᠬᠤ ᠦᠭᠡᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ  ᠨᠢ ᠵᠢᠭᠡᠯᠡᠯᠭᠡ ᠲᠠᠯᠪᠢᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠬᠠᠮᠲᠤ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠨᠥᠯᠥᠭᠡ ᠭᠠᠷᠭᠠᠭᠰᠠᠨ ᠪᠠᠶᠢᠪᠠᠯ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠤᠪᠢᠶᠠᠨ ᠬᠠᠮᠢᠶᠠᠷᠴᠤ  ᠪᠠᠶᠢᠭ᠎ᠠ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ  ᠨᠡᠬᠡᠮᠵᠢᠯᠡᠵᠬᠦ ᠬᠡᠷᠡᠭᠲᠠᠢ᠃      ᠲᠠᠪᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠳᠠᠯᠠᠵᠤ᠂ ᠠᠰᠠᠭᠤᠳᠠᠯ ᠲᠠᠬᠢᠨ ᠳᠠᠪᠲᠠᠨ ᠭᠠᠷᠬᠤ ᠶᠢ ᠡᠷᠡᠰ  ᠬᠤᠷᠢᠭᠯᠠᠨ᠎ᠠ      ᠡᠯ᠎ᠡ ᠲᠦᠷᠦᠯ ᠤᠨ ᠱᠠᠭᠠᠷᠳᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠰᠢᠯᠲᠠᠭᠠᠨ ᠢ ᠨᠢᠭᠡ ᠨᠢᠭᠡ ᠪᠠᠷ ᠵᠠᠳᠠᠯᠵᠤ᠂ ᠠᠷᠭᠠᠴᠠᠬᠤ ᠪᠣᠳᠣᠯᠭ᠎ᠠ ᠶᠢ  ᠨᠢᠬᠡ ᠨᠢᠭᠡ ᠪᠠᠷ ᠰᠤᠳᠤᠯᠵᠤ᠂ ᠨᠢᠬᠡ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠳᠤ ᠬᠤᠯᠪᠣᠭᠳᠠᠪᠠᠯ᠂ ᠨᠤᠷᠠᠭᠠᠬᠤ ᠶᠣᠰᠣᠲᠠᠢ ᠶᠢ ᠨᠢ ᠡᠷᠬᠡᠪᠰᠢ ᠨᠤᠷᠠᠭᠠᠵᠤ᠂ ᠬᠤᠷᠢᠶᠠᠨ ᠠᠪᠬᠤ ᠶᠣᠰᠣᠲᠠᠢ ᠶᠢ ᠨᠢ ᠡᠷᠬᠡᠪᠰᠢ ᠬᠤᠷᠢᠶᠠᠨ ᠠᠪᠴᠤ᠂ ᠰᠢᠯᠵᠢᠭᠦᠯᠦᠨ ᠬᠦᠷᠭᠡᠬᠦ ᠶᠣᠰᠣᠲᠠᠢ ᠶᠢ ᠨᠢ ᠡᠷᠬᠡᠪᠰᠢ ᠰᠢᠯᠵᠢᠭᠦᠯᠦᠨ ᠬᠦᠷᠭᠡᠵᠦ᠂ ᠡᠷᠬᠡᠪᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠳᠡᠯᠦᠩᠭᠦᠢ ᠪᠠᠷ ︽ᠦᠬᠡᠢ ᠪᠣᠯᠭᠠᠬᠤ︾ ᠶᠢ ᠪᠡᠶᠡᠯᠡᠭᠦᠯᠬᠦ ᠬᠡᠷᠡᠭᠲᠡᠢ᠃ ᠰᠤᠯᠠ ᠪᠠᠶᠢᠬᠤ ᠭᠠᠵᠠᠷ ᠰᠢᠷᠣᠢ ᠶᠢᠨ ᠠᠰᠠᠭᠤᠳᠠᠯ ᠳᠤ ᠴᠢᠭᠯᠡᠭᠦᠯᠦᠨ᠂ ᠪᠤᠴᠠᠭᠠᠨ ᠬᠤᠷᠢᠶᠠᠬᠤ᠂ ᠰᠣᠯᠢᠬᠤ᠂ ᠠᠮᠢᠳᠤᠯᠢᠭ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠵᠦ᠂ ᠬᠤᠶᠠᠷ ᠵᠢᠯ ᠠᠴᠠ ᠳᠡᠭᠡᠭᠰᠢ ᠰᠤᠯᠠ ᠲᠠᠯᠪᠢᠭᠰᠠᠨ ᠪᠠᠶᠢᠪᠠᠯ ᠬᠠᠤᠯᠢ ᠶᠣᠰᠣᠭᠠᠷ ᠪᠤᠴᠠᠭᠠᠨ ᠠᠪᠤᠨ᠎ᠠ᠃ 2020 ᠣᠨ ᠤ 7 ᠳ᠋ᠣᠭᠠᠷ ᠰᠠᠷ᠎ᠠ ᠶᠢᠨ 3 ᠤ ᠡᠳᠦᠷ ᠠᠴᠠ ᠰᠡᠭᠦᠯᠡᠷ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠭᠰᠠᠨ ᠰᠢᠨ᠎ᠡ ᠪᠠᠷ ᠨᠡᠮᠡᠭᠳᠡᠭᠰᠡᠨ ᠠᠰᠠᠭᠤᠳᠠᠯ ᠳᠤ ᠴᠢᠭᠯᠡᠭᠦᠯᠦᠨ᠂ ᠴᠥᠮ ᠬᠠᠤᠯᠢ ᠶᠢ ᠵᠥᠷᠢᠴᠡᠵᠦ ᠪᠦᠲᠦᠭᠡᠨ ᠪᠠᠶᠢᠭᠤᠯᠤᠭᠰᠠᠨ ᠶᠠᠪᠤᠳᠠᠯ  ᠪᠤᠯᠬᠤ ᠲᠤᠯᠠ  ︽ᠥᠴᠥᠬᠡᠨ ᠴᠦ ᠠᠭᠤᠴᠢᠯᠠᠬᠤ ᠦᠭᠡᠢ︾ ᠣᠪᠣᠷ ᠢᠶᠠᠷ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠬᠠᠤᠯᠢ ᠶᠢ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ᠃ ᠬᠠᠤᠯᠢ ᠲᠣᠭᠲᠠᠭᠠᠯ ᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠨᠠᠭᠤᠷ ᠮᠠᠯᠲᠠᠵᠤ ᠦᠵᠡᠮᠵᠢ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠤᠭ ᠤᠨ ᠶᠡᠭᠡ ᠬᠡᠮᠵᠢᠶ᠎ᠡ ᠪᠠᠷ ᠲᠠᠷᠢᠶᠠᠨ ᠭᠠᠵᠠᠷ ᠪᠣᠯᠭᠠᠨ ᠰᠡᠷᠭᠦᠭᠡᠵᠦ᠂ ᠬᠠᠤᠯᠢ ᠠᠴᠠ ᠵᠥᠷᠢᠴᠡᠭᠰᠡᠨ ᠪᠠᠶᠢᠳᠠᠯ ᠢ  ᠠᠷᠢᠯᠭᠠᠵᠤ᠂ ᠦᠨᠡᠬᠡᠷ ᠰᠡᠷᠭᠦᠭᠡᠬᠦ ᠶᠢᠨ ᠠᠷᠭ᠎ᠠ ᠦᠭᠡᠢ ᠪᠠᠶᠢᠪᠠᠯ᠂ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠪᠦᠷᠢᠯᠡᠨ ᠬᠤᠪᠢᠶᠠᠷᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠪᠠᠭᠠᠰᠬᠠᠬᠤ ᠦᠭᠡᠢ᠂ ᠶᠠᠰᠤ ᠴᠢᠨᠠᠷ ᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠰᠢ ᠶᠠᠰᠢ ᠪᠠᠷ᠂ ᠬᠤᠳᠠᠯ ᠬᠠᠭᠤᠷᠮᠠᠭ ᠢᠶᠠᠷ᠂ ᠥᠩᠭᠡᠨ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠢᠯᠡ ᠪᠠᠷ ᠵᠠᠷᠯᠠᠨ ᠮᠡᠳᠡᠭᠳᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠳᠡᠭᠡᠳᠦ ᠬᠢᠵᠠᠭᠠᠷ ᠢᠶᠠᠷ ᠲᠣᠷᠭᠠᠬᠤ ᠶᠢᠨ ᠬᠠᠮᠲᠤ ᠢᠲᠡᠭᠡᠮᠵᠢ ᠶᠢᠨ ᠲᠠᠯ᠎ᠠ ᠪᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠬᠠᠮᠢᠶ᠎ᠠ ᠪᠦᠬᠦᠢ ᠬᠤᠰᠢᠭᠤ ᠲᠣᠭᠤᠷᠢᠭ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠠᠢ︔  ᠲᠠᠭᠠᠭᠤᠯᠢ ᠤᠳᠤᠨ ᠤ ᠵᠢᠷᠤᠭ  ᠢ ᠬᠤᠳᠠᠯ ᠬᠠᠭᠤᠷᠮᠠᠭ ᠢᠶᠠᠷ ᠲᠠᠭᠯᠠᠨ ᠮᠡᠳᠡᠭᠦᠯᠦᠭᠰᠡᠨ ᠪᠠᠶᠢᠴᠠᠭᠠᠨ ᠰᠢᠢᠳᠪᠦᠷᠢᠯᠡᠭᠰᠡᠨ ᠮᠡᠳᠡᠭᠡ ᠵᠠᠩᠭᠢ ᠳᠤ ᠴᠢᠭᠯᠡᠭᠦᠯᠦᠨ᠂ ᠲᠠᠭᠯᠠᠨ ᠮᠡᠳᠡᠭᠦᠯᠦᠭᠰᠡᠨ ᠬᠥᠮᠥᠨ᠂ ᠬᠢᠨᠠᠨ ᠬᠠᠷᠭᠤᠭᠤᠯᠤᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠢ ᠶᠢ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠪᠡᠶᠡᠯᠡᠭᠦᠯᠦᠭᠰᠡᠨ ᠪᠠᠶᠢᠳᠠᠯ ᠪᠣᠯᠣᠨ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠭᠰᠡᠨ ᠪᠠᠶᠢᠳᠠᠯ ᠢ ᠡᠯ᠎ᠡ ᠬᠤᠰᠢᠭᠤ ᠲᠤᠭᠤᠷᠢᠭ ᠤᠨ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠯᠤᠭ᠎ᠠ ᠬᠤᠯᠪᠣᠭᠳᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠵᠡᠵᠦ ᠪᠠᠶᠢᠭᠠᠳ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠶᠢ  ᠲᠣᠬᠢᠷᠠᠭᠤᠯᠵᠤ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠨᠢᠭᠡᠳᠦᠯᠲᠡᠢ ᠲᠥᠯᠥᠪᠯᠡᠨ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ᠂ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠬᠤᠰᠢᠭᠤ  ᠲᠤᠭᠤᠷᠢᠭ ᠲᠤ  ᠴᠠᠭ ᠲᠤᠨᠢ ᠲᠤᠬᠢᠷᠠᠭᠤᠯᠤᠨ ᠭᠠᠵᠠᠷ ᠰᠢᠷᠣᠢ ᠶᠢᠨ ᠬᠢᠨᠠᠨ ᠵᠦᠪᠰᠢᠶᠡᠷᠡᠯ ᠢ ᠲᠦᠷ ᠵᠣᠭᠰᠤᠭᠠᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠬᠡᠷᠡᠭᠲᠠᠢ᠃      ᠵᠢᠷᠭᠤᠭ᠎ᠠ᠂ ᠮᠡᠳᠡᠭᠡ ᠵᠠᠩᠭᠢ ᠶᠢᠨ ᠰᠡᠷᠡᠮᠵᠢᠯᠡᠭᠦᠯᠦᠯ ᠢ ᠴᠢᠩᠭᠠᠳᠬᠠᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠦᠶᠯᠡ ᠠᠵᠢᠯᠯᠠᠭ᠎ᠠ ᠶᠢ ᠴᠢᠷᠮᠠᠶᠢᠨ ᠬᠤᠷᠢᠭᠯᠠᠨ᠎ᠠ      ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢ ᠦᠨᠳᠦᠰᠦᠯᠡᠨ᠂ ᠬᠤᠰᠢᠭᠤ ᠲᠤᠭᠤᠷᠢᠭ ᠤᠨ ᠬᠠᠤᠯᠢ ᠠᠴᠠ ᠵᠥᠷᠢᠴᠡᠭᠰᠡᠨ ᠰᠠᠷ᠎ᠠ ᠶᠢᠨ ᠬᠡᠷᠡᠭᠯᠡᠬᠦ ᠭᠠᠵᠠᠷ ᠤᠨ ᠲᠠᠯᠠᠪᠠᠶ ᠶᠢ ᠳᠣᠷᠣᠭᠰᠢ ᠪᠠᠭᠤᠯᠭᠠᠵᠤ᠂ ᠡᠯ᠎ᠡ ᠬᠤᠰᠢᠭᠤ ᠲᠤᠭᠤᠷᠢᠭ ᠲᠤ ᠰᠢᠷ᠎ᠠ᠂ ᠤᠯᠠᠪᠤᠷ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ  ᠭᠡᠷᠡᠭᠵᠢᠬᠦᠯᠦᠨ᠎ᠡ᠃ ᠲᠣᠰ ᠰᠠᠷ᠎ᠠ ᠳᠤ ᠰᠢᠨ᠎ᠡ ᠪᠠᠷ ᠨᠡᠮᠡᠭᠳᠡᠭᠰᠡᠨ ᠬᠠᠤᠯᠢ  ᠠᠴᠠ ᠵᠥᠷᠢᠴᠡᠨ ᠬᠡᠷᠡᠭᠯᠡᠭᠰᠡᠨ ᠭᠠᠵᠠᠷ ᠰᠢᠷᠣᠢ ᠨᠢ 2 ᠠᠴᠠ ᠳᠡᠭᠡᠭᠰᠢ ᠪᠠᠶᠢᠪᠠᠯ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠬᠡᠷᠡᠭᠵᠢᠬᠦᠯᠦᠨ᠎ᠡ︔ ᠲᠣᠰ ᠰᠠᠷ᠎ᠠ ᠶᠢᠨ ᠬᠠᠤᠯᠢ ᠶᠢ ᠵᠥᠷᠢᠴᠡᠵᠦ ᠬᠡᠷᠡᠭᠯᠡᠭᠰᠡᠨ ᠭᠠᠵᠠᠷ ᠤᠨ ᠶᠡᠷᠦᠩᠬᠡᠢ ᠲᠠᠯᠠᠪᠠᠶ ᠨᠢ 10 ᠮᠦ ᠠᠴᠠ ᠳᠡᠭᠡᠭᠰᠢ ᠪᠤᠶᠤ ᠬᠠᠤᠯᠢ ᠶᠢ ᠵᠥᠷᠢᠴᠡᠵᠦ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠨᠢ 5 ᠮᠦ ᠠᠴᠠ ᠳᠡᠭᠡᠭᠰᠢ ᠪᠠᠶᠢᠪᠠᠯ᠂ ᠤᠯᠠᠪᠤᠷ ᠥᠩᠭᠡ ᠶᠢᠨ ᠤᠷᠢᠳᠴᠢᠯᠠᠨ  ᠰᠡᠷᠡᠮᠵᠢᠬᠦᠯᠦᠯ ᠢ ᠬᠡᠷᠡᠭᠵᠢᠭᠦᠯᠦᠨ᠎ᠡ︔ ᠲᠣᠰ ᠰᠠᠷ᠎ᠠ ᠶᠢᠨ ᠬᠠᠤᠯᠢ  ᠠᠴᠠ ᠵᠥᠷᠢᠴᠡᠨ ᠬᠡᠷᠡᠭᠯᠡᠭᠰᠡᠨ ᠭᠠᠵᠠᠷ ᠤᠨ ᠶᠡᠷᠦᠩᠬᠡᠢ ᠲᠠᠯᠠᠪᠠᠶ ᠨᠢ 15 ᠮᠦ ᠠᠴᠠ ᠳᠡᠭᠡᠭᠰᠢ ᠪᠤᠶᠤ ᠬᠠᠤᠯᠢ  ᠠᠴᠠ ᠵᠥᠷᠢᠴᠡᠨ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠨᠢ 10 ᠮᠦ ᠠᠴᠠ ᠳᠡᠭᠡᠭᠰᠢ ᠪᠠᠶᠢᠪᠠᠯ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠬᠡᠷᠡᠭᠵᠢᠭᠦᠯᠵᠦ᠂ ᠪᠠᠶᠢᠭ᠎ᠠ ᠬᠤᠰᠢᠭᠤ ᠲᠣᠭᠤᠷᠢᠭ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠢ ᠲᠦᠷ ᠵᠣᠭᠰᠣᠭᠠᠨ᠎ᠠ᠃ ᠭᠠᠭᠴᠠ ᠭᠠᠭᠴᠠ ᠲᠥᠷᠥᠯ ᠵᠦᠢᠯ ᠤᠨ ᠬᠠᠤᠯᠢ  ᠠᠴᠠ ᠵᠥᠷᠢᠴᠡᠭᠰᠡᠨ ᠲᠠᠯᠠᠪᠠᠶ ᠨᠢ 3 ︱ 5 ᠮᠦ ᠪᠠᠶᠢᠪᠠᠯ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠬᠡᠷᠡᠭᠵᠢᠭᠦᠯᠦᠨ᠎ᠡ︔ ᠲᠠᠩ ᠭᠠᠭᠴᠠ ᠲᠥᠷᠥᠯ ᠵᠦᠢᠯ ᠤᠨ ᠬᠠᠤᠯᠢ  ᠠᠴᠠ ᠵᠥᠷᠢᠴᠡᠭᠰᠡᠨ ᠲᠠᠯᠠᠪᠠᠶ ᠨᠢ 5 ᠮᠦ ᠠᠴᠠ ᠳᠡᠭᠡᠭᠰᠢ 10 ᠮᠦ ᠠᠴᠠ ᠳᠣᠷᠣᠭᠰᠢ ᠪᠠᠶᠢᠪᠠᠯ᠂ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠬᠡᠷᠡᠭᠵᠢᠭᠦᠯᠦᠨ᠎ᠡ︔ᠭᠠᠭᠴᠠ ᠭᠠᠭᠴᠠ ᠲᠥᠷᠥᠯ ᠵᠦᠢᠯ ᠤᠨ ᠬᠠᠤᠯᠢ ᠠᠴᠠ ᠵᠥᠷᠢᠴᠡᠭᠰᠡᠨ ᠲᠠᠯᠠᠪᠠᠶ ᠨᠢ 10 ᠮᠦ ᠠᠴᠠ ᠳᠡᠭᠡᠭᠰᠢ ᠪᠠᠶᠢᠪᠠᠯ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠬᠡᠷᠡᠭᠵᠢᠭᠦᠯᠦᠨ᠎ᠡ᠃ ᠵᠠᠯᠭᠠᠭ᠎ᠠ ᠪᠠᠷ ᠬᠤᠶᠠᠷ ᠵᠦᠢᠯ ᠤᠨ ᠰᠢᠷ᠎ᠠ ᠥᠩᠭᠡ ᠶᠢᠨ ᠰᠡᠷᠡᠮᠵᠢᠯᠡᠭᠦᠯᠦᠯ ᠪᠤᠶᠤ ᠤᠯᠠᠪᠤᠷ ᠥᠩᠭᠡ ᠶᠢᠨ ᠰᠡᠷᠡᠮᠵᠢᠯᠡᠭᠦᠯᠦᠯ ᠳᠤ ᠤᠴᠠᠷᠠᠭᠰᠠᠨ ᠪᠠᠶᠢᠪᠠᠯ᠂  ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ︔ ᠤᠯᠠᠭᠠᠨ ᠥᠩᠭᠡ ᠶᠢᠨ ᠰᠡᠷᠡᠮᠵᠢᠯᠡᠭᠦᠯᠦᠯ ᠳᠤ ᠤᠴᠠᠷᠠᠭᠰᠠᠨ ᠪᠠᠶᠢᠪᠠᠯ᠂ ᠭᠤᠣᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠵᠤ᠂ ᠪᠠᠶᠢᠭ᠎ᠠ ᠬᠤᠰᠢᠭᠤ ᠲᠣᠭᠤᠷᠢᠭ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠲᠦᠷ ᠵᠣᠭᠰᠤᠭᠠᠬᠤ ᠶᠢᠨ ᠬᠠᠮᠲᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠦᠶᠯᠡ ᠠᠵᠢᠯᠯᠠᠭ᠎ᠠ ᠶᠢ ᠪᠠᠶᠢᠳᠠᠯ ᠢ ᠨᠢ ᠦᠵᠡᠵᠦ ᠪᠠᠶᠢᠭᠠᠳ ᠬᠠᠤᠯᠢ ᠴᠠᠭᠠᠵᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ  ᠰᠢᠢᠳᠪᠦᠷᠢᠯᠡᠬᠦᠯᠬᠦ ᠬᠡᠷᠡᠭᠲᠠᠢ᠃      ᠲᠤᠯᠤᠭ᠎ᠠ᠂ ᠬᠠᠷᠢᠭᠤᠴᠠᠯᠭ᠎ᠠ  ᠠᠰᠠᠭᠤᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠬᠥᠭᠵᠢᠯᠲᠡ ᠶᠢᠨ ᠣᠷᠴᠢᠨ ᠲᠣᠭᠤᠷᠢᠨ ᠢ ᠴᠤᠭᠴᠠᠯᠠᠨ᠎ᠠ      ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠬᠤ ᠳᠦᠷᠢᠮ ᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠦᠨᠡᠨᠬᠦ ᠬᠦᠢᠴᠡᠳᠭᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠯᠲᠠ ᠶᠢ ᠴᠢᠩᠭᠠᠳᠬᠠᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠬᠠᠷᠢᠴᠠᠯ᠂ ᠬᠠᠤᠯᠢ  ᠠᠴᠠ ᠵᠥᠷᠢᠴᠡᠨ ᠭᠠᠵᠠᠷ ᠬᠡᠷᠡᠭᠯᠡᠭᠰᠡᠨ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠨᠣᠷᠮ᠎ᠠ ᠵᠡᠷᠭᠡ ᠠᠭᠤᠯᠭ᠎ᠠ ᠶᠢ ᠬᠤᠲᠠ᠂ ᠬᠤᠰᠢᠭᠤ ᠲᠣᠭᠤᠷᠢᠭ ᠤᠨ ︽ᠲᠠᠪᠤ ᠶᠢ ᠨᠢᠭᠡ ᠴᠣᠭᠴᠠᠵᠢᠭᠤᠯᠬᠤ︾ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠤᠳᠤᠷᠢᠳᠬᠤ ᠺᠠᠳ᠋ᠷ ᠤᠨ ᠡᠯ᠎ᠡ ᠵᠦᠢᠯ ᠤᠨ ᠰᠢᠯᠭᠠᠨ ᠬᠢᠨᠠᠯᠲᠠ ᠪᠠ ᠲᠤᠰᠢᠶᠠᠯ  ᠠᠴᠠ ᠪᠠᠨ ᠰᠠᠯᠬᠤ ᠬᠢᠨᠠᠨ ᠪᠤᠳᠤᠯᠲᠠ ᠵᠡᠷᠭᠡ ᠴᠢᠬᠤᠯᠠ ᠦᠨᠳᠦᠰᠦᠯᠡᠯ ᠪᠣᠯᠭᠠᠨ᠎ᠠ᠃ ᠬᠤᠰᠢᠭᠤ ᠲᠤᠭᠤᠷᠢᠭ ᠲᠤ  ᠵᠢᠯ ᠤᠨ ᠲᠤᠳᠤᠷ᠎ᠠ 3 ᠤᠳᠠᠭ᠎ᠠ  ᠠᠴᠠ ᠳᠡᠭᠡᠭᠰᠢ ᠬᠠᠤᠯᠢ ᠵᠥᠷᠢᠴᠡᠨ ᠭᠠᠵᠠᠷ ᠬᠡᠷᠡᠭᠯᠡᠭᠰᠡᠨ ᠦᠶᠯᠡ ᠠᠵᠢᠯᠯᠠᠭ᠎ᠠ ᠶᠢ ᠬᠤᠷᠢᠭᠯᠠᠭᠰᠠᠨ ᠦᠭᠡᠢ᠂ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠭᠰᠡᠨ ᠦᠭᠡᠢ ᠶᠠᠪᠤᠳᠠᠯ ᠪᠠᠶᠢᠪᠠᠯ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠨᠢ 10 ᠮᠦ ᠠᠴᠠ ᠳᠡᠭᠡᠭᠰᠢ ︵ᠦᠨᠳᠦᠰᠦᠨ ᠲᠠᠷᠢᠶᠠᠨ ᠭᠠᠵᠠᠷ ᠨᠢ 5 ᠮᠦ ᠠᠴᠠ ᠳᠡᠭᠡᠭᠰᠢ︶ ᠬᠦᠷᠴᠦ᠂ ᠮᠠᠭᠤ ᠨᠥᠯᠥᠭᠡ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠨ᠎ᠡ᠃ ᠣᠷᠣᠨ ᠨᠤᠲᠤᠭ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠡᠮᠬᠢ ᠵᠢᠷᠤᠮ ᠰᠠᠮᠠᠭᠤᠷᠠᠭᠰᠠᠨ ᠠᠴᠠ ᠪᠣᠯᠵᠤ᠂ ᠣᠨ ᠤ ᠳᠣᠲᠣᠷ᠎ᠠ ᠲᠣᠰ ᠵᠠᠰᠠᠭ ᠵᠠᠬᠢᠷᠭᠠᠨ ᠤ ᠣᠷᠣᠨ ᠤ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠲᠠᠯᠠᠪᠠᠶ ᠨᠢ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠶ ᠶᠢᠨ 15% ᠳᠤ ᠬᠦᠷᠦᠭᠰᠡᠨ ᠵᠢᠴᠢ ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢᠭᠤᠨ ᠳᠠᠯᠳᠠᠯᠠᠭᠠᠳ ᠮᠡᠳᠡᠭᠦᠯᠬᠦ ᠦᠭᠡᠢ᠂ ᠬᠡᠷᠡᠭ ᠢ ᠳᠠᠷᠤᠵᠤ ᠪᠠᠶᠢᠴᠠᠭᠠᠬᠤ ᠦᠭᠡᠢ ᠵᠡᠷᠭᠡ ᠪᠠᠶᠢᠳᠠᠯ ᠲᠠᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠳᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠭᠦᠯᠬᠦ ᠬᠡᠷᠡᠭᠲᠡᠢ᠃      ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠳᠣᠬᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠳᠠᠯᠠᠵᠤ᠂ ᠭᠠᠵᠠᠷ ᠰᠢᠷᠣᠢ ᠶᠢᠨ ᠬᠠᠤᠯᠢ   ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠤᠨ ᠳᠦᠷᠢᠮ ᠢ ᠲᠦᠷᠭᠡᠬᠡᠨ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠳᠣᠲᠣᠭᠠᠳᠤ ᠶᠢᠨ ᠰᠢᠰᠲ᠋ᠧᠮ ᠨᠢ ᠴᠥᠮ ᠬᠠᠤᠯᠢ ᠬᠡᠷᠡᠭᠵᠢᠭᠦᠯᠬᠦ ᠳᠤ ᠣᠷᠤᠯᠴᠠᠬᠤ ︽ᠪᠥᠬᠦ ᠠᠵᠢᠯᠲᠠᠨ ᠤ ᠬᠢᠨᠠᠯᠲᠠ ᠬᠠᠮᠢᠶᠠᠷᠤᠯᠲᠠ︾᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠯ᠎ᠡ ᠭᠤᠭᠴᠤᠭ᠎ᠠ ᠶᠢ ᠴᠥᠮ ᠬᠢᠨᠠᠨ ᠬᠠᠮᠢᠶᠠᠷᠬᠤ ︽ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ︾᠂ ᠰᠢᠰᠲ᠋ᠧᠮ ᠤᠨ ᠭᠠᠳᠠᠨᠠᠬᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠭᠰᠠᠨ ︽ᠬᠤᠯᠪᠤᠭᠠᠯᠠᠨ ᠬᠢᠨᠠᠨ ᠬᠠᠮᠢᠶᠠᠷᠬᠤ︾ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠲᠡᠷᠡᠴᠢᠯᠡᠨ᠂ ᠵᠠᠷᠴᠢᠮ ᠢ ᠪᠠᠷᠢᠮᠲᠠᠯᠠᠵᠤ᠂ ᠬᠦᠴᠢᠷ ᠤᠨ ᠡᠮᠦᠨ᠎ᠡ ᠵᠣᠷᠢᠭᠲᠠᠢ ᠤᠷᠤᠵᠤ᠂ ᠵᠣᠷᠢᠭᠲᠠᠢ ᠪᠠᠷ ᠪᠣᠭᠤᠮᠲᠠ ᠰᠢᠪᠲᠤᠯᠵᠤ᠂ ︽ᠤᠷᠢᠳᠴᠢᠯᠠᠨ ᠰᠡᠷᠭᠡᠶᠢᠯᠡᠬᠦ᠂ ᠴᠠᠭ ᠲᠤᠬᠠᠢ  ᠳᠤᠨᠢ ᠢᠯᠡᠷᠡᠭᠦᠯᠬᠦ᠂ ᠪᠦᠲᠦᠮᠵᠢᠲᠡᠢ ᠬᠤᠷᠢᠭᠯᠠᠬᠤ᠂ ᠪᠣᠳᠠᠲᠠᠢ ᠪᠠᠶᠢᠴᠠᠭᠠᠨ ᠰᠢᠢᠳᠪᠦᠷᠢᠯᠡᠬᠦ︾ ᠶᠢ ᠦᠨᠡᠨᠬᠦ ᠪᠡᠶᠡᠯᠡᠭᠦᠯᠵᠦ᠂ ᠬᠠᠮᠤᠭ ᠤᠨ ᠴᠢᠩᠭ᠎ᠠ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃                                               ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                 2022 ᠣᠨ ᠤ 1 ᠳ᠋ᠤᠭᠡᠷ ᠰᠠᠷ᠎ᠠ ᠶᠢᠨ 1 ᠤ ᠡᠳᠦᠷ 
ᠢᠷᠡᠯᠲᠡ᠄ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ