ᠬᠤᠲᠠ ᠶᠢᠨ ᠵᠠᠰᠠᠭ ᠤᠨ ᠣᠷᠳᠣᠨ 2024 ᠣᠨ ᠤ ᠠᠩᠬᠠᠳᠤᠭᠠᠷ ᠪᠦᠬᠦᠳᠡ ︵ᠥᠷᠭᠡᠳᠬᠡᠭᠰᠡᠨ︶ ᠬᠤᠷᠠᠯ ᠵᠢᠴᠢ ᠪᠠᠶᠢᠩᠭᠤ ᠶᠢᠨ ᠬᠤᠷᠠᠯ ᠬᠤᠷᠠᠯᠳᠤᠭᠤᠯᠪᠠ  ᠳ᠋ᠦ᠋ ᠬᠤᠢ ᠯᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/1/12
       ᠣᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠪᠦᠬᠦᠳᠠ ︵ᠥᠷᠭᠡᠳᠬᠡᠭᠰᠡᠨ︶ ᠬᠤᠷᠠᠯ ᠵᠢᠴᠢ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃             ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠤ ᠳᠤᠮᠳᠠ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡ ᠪᠠᠶᠢᠬᠤ ᠰᠡᠳᠬᠢᠯᠭᠡ ᠶᠢ ᠬᠢᠴᠢᠶᠡᠩᠭᠦᠶᠢᠯᠡᠨ ᠰᠠᠬᠢᠵᠤ᠂ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠳᠠ ᠶᠢᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠡᠳ᠋ᠯᠡᠭᠦᠯᠬᠦ ᠬᠡᠷᠡᠭᠲᠡᠢ᠃ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠵᠠᠰᠠᠭ ᠤᠨ ᠣᠷᠳᠣᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃             ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠵᠢᠮ᠎ᠡ ᠶᠣᠰᠣᠨ ᠤ ᠲᠤᠬᠠᠢ ᠲᠠᠨᠢᠯᠲᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡ ᠪᠠᠷ ᠴᠢᠳᠠᠪᠬᠢ ᠣᠯᠭᠤᠬᠤ ᠬᠥᠭᠵᠢᠯᠲᠡ ᠶᠢᠨ ᠴᠢᠨᠠᠷᠵᠢᠯ ᠦᠷ᠎ᠡ ᠠᠰᠢᠭ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃            ᠬᠤᠷᠠᠯ ᠠᠴᠠ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠬᠤᠳᠠ ᠶᠢᠨ ᠳᠡᠳ᠋ ᠳᠠᠷᠤᠭ᠎ᠠ ᠨᠠᠷ ᠪᠡᠶ᠎ᠡ ᠪᠠᠷ ᠢᠶᠠᠨ ᠳᠠᠭᠤᠷᠢᠶᠠᠯ ᠦᠵᠡᠭᠦᠯᠵᠦ᠂ ᠲᠦᠷᠦᠭᠦᠯᠡᠨ ᠬᠢᠵᠦ᠂ ᠡᠷᠡᠰ ᠭᠤᠶᠢᠪᠢᠰᠢ ᠦᠢᠭᠡᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃              ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠵᠤ᠂ ︽2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾᠂ ︽ 2023 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ︾ ᠶᠢ ᠰᠤᠳᠤᠯᠤᠨ ᠶᠠᠷᠢᠯᠴᠠᠵᠤ᠂ ︽ ᠵᠢᠷᠭᠤᠭᠠᠨ ᠢᠨᠵᠧᠨᠧᠷᠢᠩ︾ ᠢ ᠲᠦᠷᠦᠭᠦᠯᠡᠨ ᠤᠳᠤᠷᠢᠳᠬᠤ ᠤᠳᠤᠷᠢᠳᠤᠯᠭ᠎ᠠ ᠶᠢ ᠲᠣᠭᠲᠠᠭᠠᠪᠠ᠃ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠭᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠤᠶᠤᠨ ᠤᠬᠠᠭᠠᠨ ᠢ ᠨᠠᠶᠢᠭᠲᠠᠷᠠᠭᠤᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠡᠭᠦᠯᠳᠡᠷᠵᠢᠭᠦᠯᠵᠦ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠡᠳ᠋ ᠤᠨ ᠵᠠᠰᠠᠭ ᠤᠨ ᠲᠥᠰᠥᠪ ᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ︽ ᠵᠢᠷᠭᠤᠭᠠᠨ ᠢᠨᠵᠧᠨᠧᠷᠢᠩ︾ ᠤᠨ ᠬᠡᠷᠡᠭᠵᠢᠭᠦᠯᠬᠦ ᠲᠥᠰᠥᠯ ᠢ ᠱᠠᠯᠠᠪᠳᠠᠨ ᠰᠤᠳᠤᠯᠵᠤ᠂ ᠣᠨ ᠤ ᠠᠵᠢᠯ ᠤᠨ ᠨᠠᠷᠢᠨ ᠳᠠᠩᠰᠠ ᠶᠢ ᠲᠣᠳᠣᠷᠬᠠᠶᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃              ᠬᠤᠷᠠᠯ ᠠᠴᠠ ᠪᠠᠰᠠ ᠲᠠᠷᠢᠶᠠᠯᠠᠩ ᠮᠠᠯ ᠠᠵᠤ ᠠᠬᠤᠢ ᠶᠢᠨ ︽ᠭᠤᠷᠪᠠᠨ ᠣᠷᠣᠨ︾ ᠤ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ᠂ ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠵᠡᠷᠭᠡ ᠤᠴᠢᠷ ᠶᠠᠪᠤᠳᠠᠯ ᠤᠳ ᠢ ᠰᠤᠳᠤᠯᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ