ᠤᠯᠤᠰ ᠠᠴᠠ ᠵᠢᠷᠭᠤᠭᠠᠨ ᠲᠠᠯ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/1/12
        ᠰᠢᠨᠬᠤᠸᠠ ᠬᠤᠷᠢᠶᠠᠨ ᠤ ᠹᠦᠵᠧᠦ ᠶᠢᠨ 1 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ  ᠴᠧᠨ  ᠸᠧᠶ‌‍ᠸᠧᠶ᠂ ᠫᠠᠩ ᠮᠸᠡᠭ ᠰᠢᠶᠠ︶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠧᠩ  ᠵᠠ  ᠵᠢᠶᠧ2 ᠤᠨ ᠡᠳᠦᠷ ᠭᠡᠯᠡᠭᠦ ᠳᠡᠭᠡᠨ᠂  ᠤᠯᠤᠰ ᠤᠨ  ᠬᠥᠭᠵᠢᠭᠦᠯᠦᠯᠲᠡ  ᠥᠭᠡᠷᠡᠴᠢᠯᠡᠯᠲᠡ ᠶᠢᠨ  ᠵᠥᠪᠯᠡᠯ  ᠨᠢ  ᠬᠤᠯᠪᠣᠭᠳᠠᠯ  ᠪᠥᠬᠦᠶ‌‍ᠲ᠋ᠠᠯ᠎ᠠ ᠶᠢᠨ ᠬᠢᠨ ᠲᠠᠢ  ᠬᠠᠮᠲᠤᠷᠠᠨ᠂  ᠠᠷᠠᠳ ᠤᠨ  ᠡᠵᠡᠩᠨᠡᠯᠲᠡ ᠶᠢᠨ  ᠠᠵᠤ  ᠠᠬᠤᠶ ᠶᠢ  ᠠᠬᠢᠭᠤᠯᠬᠤ  ᠬᠠᠤᠯᠢ  ᠲᠣᠭᠲᠠᠭᠠᠬᠤ‌ᠠᠬᠢᠴᠠ ᠶᠢ ᠲᠦᠷᠭᠡᠳᠬᠡᠨ ᠠᠬᠢᠭᠤᠯᠬᠤ ᠵᠡᠷᠭᠡ 6 ᠲᠠᠯ᠎ᠠ ᠪᠠᠷ ᠨᠠᠩ ᠣᠯᠠᠨ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠣᠯᠤᠯᠲᠠ ᠲᠠᠢ ᠪᠣᠯᠭᠠᠬᠤ ᠪᠠᠷ ᠴᠢᠷᠮᠠᠶᠢᠨ᠎ᠠ ᠭᠡᠵᠡᠶ᠃               ︽ᠵᠢᠨᠵᠢᠶᠠᠩ ᠤᠨ ᠲᠤᠷᠰᠢᠯᠭ᠎ᠠ︾  ᠶᠢ ᠰᠢᠨ᠎ᠡ ᠶᠢ  ᠡᠭᠦᠳᠦᠨ  ᠬᠦᠭᠵᠢᠬᠦᠯᠵᠦ  ᠠᠷᠠᠳ ᠤᠨ  ᠡᠵᠡᠩᠨᠡᠯᠲᠡ ᠶᠢᠨ  ᠠᠵᠤ‌ᠠᠬᠤᠢ ᠶᠢᠨ ᠴᠢᠨᠠᠷ  ᠰᠠᠶᠢᠲᠠᠢ  ᠬᠥᠭᠵᠢᠯᠲᠡ ᠶᠢ  ᠠᠬᠢᠭᠤᠯᠬᠤ  ᠶᠡᠭᠡ  ᠬᠤᠷᠠᠯ  2 ᠤᠨ  ᠡᠳᠦᠷ  ᠹᠦᠵᠢᠶᠠᠨ ᠤ  ᠵᠢᠨᠵᠢᠶᠠᠩ ᠳ᠋ᠤ᠋‌ᠬᠤᠷᠠᠯᠳᠤᠪᠠ᠃ ᠲᠣᠰ ᠤᠳᠠᠭᠠᠨ ᠤ ᠶᠡᠭᠡ  ᠬᠤᠷᠠᠯ ᠢ  ᠤᠯᠤᠰ ᠤᠨ  ᠬᠥᠭᠵᠢᠭᠦᠯᠦᠯᠲᠡ  ᠥᠭᠡᠷᠡᠴᠢᠯᠡᠯᠲᠡ ᠶᠢᠨ  ᠵᠥᠪᠯᠡᠯ ᠡᠴᠠ‌ᠵᠣᠬᠢᠶᠠᠨ ᠪᠠᠶᠢᠭᠤᠯᠵᠤ ᠬᠤᠷᠠᠯᠳᠤᠭᠤᠯᠵᠠᠢ᠃ ᠵᠧᠩ ᠵᠠ ᠵᠢᠶᠧ ᠬᠤᠷᠠᠯ ᠳᠡᠭᠡᠷ᠎ᠡ ᠭᠡᠯᠡᠬᠦ  ᠳᠡᠭᠡᠨ᠂  ᠠᠷᠠᠳ ᠤᠨ  ᠡᠵᠡᠩᠨᠡᠯᠲᠡ ᠵᠢᠨ‌ᠠᠵᠤ ᠠᠬᠤᠢ ᠶᠢ ᠠᠬᠢᠭᠤᠯᠬᠤ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ  ᠠᠬᠢᠭᠤᠯᠵᠤ᠂  ᠠᠷᠠᠳ ᠤᠨ  ᠡᠵᠡᠩᠨᠡᠯᠲᠡ ᠵᠢᠨ‌ᠠᠵᠤ ᠠᠬᠤᠢ ᠶᠢᠨ ᠬᠥᠭᠵᠢᠯᠲᠡ ᠳᠤ ᠬᠠᠤᠯᠢᠵᠢᠯ ᠤᠨ ᠪᠠᠲᠤᠯᠠᠭ᠎ᠠ ᠬᠠᠩᠭᠠᠨ᠎ᠡ︔ ᠣᠯᠠᠨ ᠲᠠᠰ ᠳᠠᠪᠬᠤᠷᠭ᠎ᠠ ᠶᠢᠨ ᠪᠠᠶᠢᠩᠭᠤᠵᠢᠭᠰᠠᠨ‌ᠣᠯᠣᠯᠴᠠᠭ᠎ᠠ ᠰᠣᠯᠢᠯᠴᠠᠭ᠎ᠠ ᠶᠢᠨ ᠲᠣᠭᠲᠠᠴᠠ ᠶᠢ ᠪᠦᠷᠢᠨᠰᠢᠭᠦᠯᠦᠨ  ᠲᠡᠭᠦᠯᠳᠡᠷᠵᠢᠭᠦᠯᠵᠦ᠂  ᠠᠷᠠᠳ ᠤᠨ  ᠡᠵᠡᠩᠨᠡᠯᠲᠡ ᠶᠢᠨ  ᠠᠵᠤ‌ᠠᠬᠤᠶᠢᠯᠠᠯ ᠤᠨ ᠦᠨᠡᠨ ᠪᠣᠳᠠᠲᠠᠶ ᠲᠠᠭᠤᠨ ᠢ ᠴᠢᠷᠮᠠᠶᠢᠨ  ᠰᠣᠨᠣᠰᠤᠨ᠎ᠠ︔  ᠠᠷᠠᠳ ᠤᠨ  ᠡᠵᠡᠩᠨᠡᠯᠲᠡ ᠶᠢᠨ  ᠠᠵᠤ  ᠠᠬᠤᠶ ᠵᠢᠨ‌‍ᠬᠥ᠋ᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠬᠤ ᠪᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ  ᠠᠵᠤ  ᠠᠬᠤᠶ ᠵᠢᠨ‌‍ᠪᠠᠶᠢᠳᠠᠯ ᠢ ᠬᠢᠨᠠᠨ ᠪᠠᠶᠢᠴᠠᠭᠠᠬᠤ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠲᠠᠰᠤᠷᠠᠯᠲᠠ ᠤᠢᠭᠡᠢ ᠪᠦᠷᠢᠨᠰᠢᠭᠦᠯᠤᠨ᠎ᠡ︔ ᠠᠷᠠᠳ ‍ᠤᠨ‌ᠡᠵᠡᠩᠨᠡᠯᠲᠡ ᠶᠢᠨ ᠠᠵᠤ ᠠᠬᠤᠶᠢᠯᠠᠯ ᠳᠤ  ᠬᠠᠨᠳᠤᠭᠤᠯᠤᠭᠰᠠᠨ  ᠮᠡᠳᠡᠭᠡ  ᠵᠠᠩᠭᠢ  ᠨᠡᠶᠢᠲᠡᠯᠡᠬᠦ  ᠲᠠᠪᠴᠠᠩ ᠢ  ᠲᠡᠭᠦᠯᠳᠡᠷᠵᠢᠭᠦᠯᠵᠦ᠂ᠲᠥᠷᠥᠯ ᠵᠦᠢᠯ ᠲᠠᠨᠢᠯᠴᠠᠭᠤᠯᠬᠤ ᠠᠵᠢᠯ ᠢ ᠴᠢᠩᠭᠠᠳᠬᠠᠵᠦ᠂ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠶ᠋ᠯ ᠪᠠ‌‍ᠲ᠋ᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠨᠠᠩ ᠣᠯᠠᠨ  ᠠᠷᠠᠳ ᠤᠨ  ᠬᠥᠷᠥᠩᠭᠡ ᠵᠢᠨ‌ᠣᠷᠣᠯᠴᠠᠬᠤ ᠶᠢ ᠵᠣᠷᠢᠭᠵᠢᠭᠤᠯᠬᠤ ᠪᠠ ᠲᠡᠳᠡᠨ ᠣᠷᠣᠭᠤᠯᠤᠨ᠎ᠠ︔  ᠨᠡᠶᠢᠲᠡᠯᠢᠭ  ᠵᠢᠱᠢᠶ᠎ᠡ ᠶᠢᠨ  ᠠᠷᠭ᠎ᠠ  ᠬᠢᠳᠡᠯ  ᠪᠠ  ᠰᠢᠯᠢᠳᠡᠭ‌‍ᠬᠡᠷᠡᠭ ᠤᠨ  ᠵᠢᠱᠢᠶ᠎ᠡ ᠶᠢ  ᠶᠡᠭᠡ ᠪᠠᠷ  ᠳ᠋ᠦᠩᠨᠡᠨ  ᠳᠡᠯᠭᠡᠷᠡᠭᠦᠯᠵᠦ᠂  ᠬᠠᠷᠢᠯᠴᠠᠨ   ᠰᠤᠷᠤᠯᠴᠠᠵᠤ   ᠬᠠᠷᠢᠯᠴᠠᠨ   ᠲᠣᠯᠢᠯᠠᠬᠤ ᠵᠢ‌‍ᠴᠢᠩᠭᠠᠳᠬᠠᠨ᠎ᠠ︔  ᠠᠵᠢᠯ ᠤᠨ  ᠲᠣᠭᠲᠠᠴᠠ ᠶᠢ  ᠪᠠᠶᠢᠭᠤᠯᠤᠨ  ᠲᠡᠭᠦᠯᠳᠡᠷᠵᠢᠭᠦᠯᠵᠦ᠂  ᠠᠷᠠᠳ ᠤᠨ  ᠡᠵᠡᠩᠨᠡᠯᠲᠡ ᠶᠢᠨ   ᠠᠵᠤ‌ᠠᠬᠤᠶ ᠶᠢᠨ ᠬᠥᠭᠵᠢᠯᠲᠡ ᠳᠤ ᠦᠢᠯᠡᠴᠢᠯᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠦᠨ᠎ᠡ ᠭᠡᠪᠡ᠃                2023 ᠣᠨ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ  ᠬᠥᠭᠵᠢᠨ  ᠪᠤᠵᠠᠭᠠᠶᠢᠷᠬᠠᠤ ᠶᠢ  ᠠᠬᠢᠭᠤᠯᠬᠤ‌ᠵᠢᠨ ᠲᠣᠭᠤᠷᠢᠨ ᠳᠤ ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠪᠡ᠃ ᠵᠧᠩ ᠵᠠ ᠵᠢᠶᠧ  ᠭᠡᠯᠡᠬᠦ  ᠳᠡᠭᠡᠨ᠂ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ  ᠳᠠᠭᠠᠯᠳᠤᠨ᠂  ᠠᠷᠠᠳ ‍ᠤᠨ‌ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠶᠡᠷᠦᠩᠬᠡᠶ ᠳᠡᠭᠡᠨ ᠲᠣᠭᠲᠠᠭᠤᠨ ᠤ  ᠳᠤᠮᠳᠠ  ᠤᠷᠤᠭᠰᠢᠯᠠᠨ  ᠳᠠᠪᠰᠢᠬᠤ᠂ᠲᠣᠭᠲᠠᠭᠤᠨ ᠤ ᠳᠤᠮᠳᠠ ᠰᠠᠶᠢᠵᠢᠷᠠᠬᠤ ᠦᠨᠳᠦᠰᠦᠨ ᠪᠠᠶᠢᠳᠠᠯ ᠢᠯᠡᠷᠡᠪᠡ᠃ 2023 ᠣᠨ ᠤ  1  ᠰᠠᠷ᠎ᠠ ᠠᠴᠠ  11  ᠰᠠᠷ᠎ᠠ‌‍ᠪᠣᠯᠲᠠᠯ᠎ᠠ᠂ ᠠᠷᠠᠳ ᠤᠨ  ᠡᠵᠡᠩᠨᠡᠯᠲᠡ ᠶᠢᠨ  ᠠᠵᠤ  ᠠᠬᠤᠶᠢᠯᠠᠯ ᠤᠨ  ᠭᠠᠳᠠᠭᠠᠳᠤ  ᠣᠷᠣᠭᠤᠯᠤᠯᠲᠠ  ᠪᠠ  ᠭᠠᠷᠭᠠᠯᠲᠠ  ᠠᠳᠠᠯᠢ‌ᠬᠤᠭᠤᠴᠠᠭᠠᠨ ᠤ ᠬᠢ ᠠᠴᠠ  ᠪᠠᠨ 6.1% ᠪᠠᠷ ᠨᠡᠮᠡᠭᠳᠡᠵᠦ᠂  ᠭᠠᠳᠠᠭᠠᠳᠤ  ᠣᠷᠣᠭᠤᠯᠤᠯᠲᠠ  ᠪᠠ  ᠭᠠᠷᠭᠠᠯᠲᠠ ᠶᠢᠨ  ᠶᠡᠷᠦᠩᠬᠡᠶ‌‍ᠲ᠋ᠤᠭ᠎ᠠ ᠶᠢᠨ ᠨᠡᠮᠡᠭᠳᠡᠯ ᠤᠨ ᠬᠤᠷᠳᠤᠴᠠ ᠠᠴᠠ 6.1 ᠵᠠᠭᠤᠨ ᠤ ᠬᠤᠪᠢ ᠶᠢᠨ ᠴᠡᠭ ᠲᠦᠷᠭᠡᠨ ᠪᠤᠯᠵᠠᠢ ᠬᠡᠪᠡ᠃
ᠢᠷᠡᠯᠲᠡ᠄ ᠠᠷᠠᠳ ᠤᠨ ᠰᠦᠯᠵᠢᠶ᠎ᠡ