ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ᠄ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠵᠦ ᠵᠠᠰᠠᠪᠤᠷᠢ ᠣᠷᠣᠭᠤᠯᠬᠤ ᠠᠵᠢᠯ ᠢ ᠴᠢᠨᠠᠬᠰᠢᠳᠠ ᠴᠢᠩᠭᠠᠳᠬᠠᠵᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/1/12
         ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ  ᠣᠶᠢᠷ᠎ᠠ ᠳᠤ  ᠴᠢᠬᠤᠯᠠ  ᠠᠵᠢᠯ ᠤᠨ  ᠪᠠᠶᠢᠷᠢᠯᠠᠭᠤᠯᠤᠯᠲᠠ  ᠬᠢᠵᠦ᠂ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ  ᠰᠢᠷᠢᠰ  ᠠᠵᠢᠯᠯᠠᠭ᠎ᠠ  ᠥᠷᠨᠢᠭᠦᠯᠵᠦ᠂ᠳᠥᠷᠪᠡᠨ ᠲᠠᠯ᠎ᠠ ᠶᠢᠨ ᠠᠵᠢᠯ ᠢ ᠬᠦᠴᠦᠯᠡᠨ ᠥᠷᠨᠢᠭᠦᠯᠬᠦ ᠪᠠᠷ ᠪᠤᠢ᠄                 ᠨᠢᠭᠡ ᠳᠤ᠂ ᠵᠢᠭᠠᠬᠤ  ᠮᠠᠲ᠋ᠧᠷᠢᠶᠠᠯ ᠢ  ᠨᠠᠶᠢᠷᠠᠭᠤᠯᠤᠨ  ᠪᠢᠴᠢᠵᠦ  ᠵᠠᠰᠠᠪᠤᠷᠢ  ᠣᠷᠣᠭᠤᠯᠬᠤ  ᠠᠵᠢᠯ  ᠢ  ᠴᠢᠨᠠᠭᠰᠢᠳᠠ‌‍ᠴᠢᠩᠭᠠᠳᠬᠠᠵᠤ᠂ ᠶᠡᠭᠡ ᠲᠡᠭᠡᠳᠦ ᠰᠤᠭᠠᠭᠤᠯᠢ ᠳᠤᠮᠳᠠᠳᠤ  ᠪᠠᠭ᠎ᠠ  ᠰᠤᠷᠭᠠᠭᠤᠯᠢ ᠶᠢᠨ  ᠦᠵᠡᠯ  ᠰᠠᠨᠠᠭ᠎ᠠ  ᠤᠯᠤᠰ  ᠲᠥᠷᠥ ᠵᠢᠨ‌‍ᠬᠢᠴᠢᠶᠡᠯ ᠤᠨ ᠵᠢᠭᠠᠬᠤ ᠮᠠᠲ᠋ᠧᠷᠢᠶᠠᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂  ᠰᠢᠨ᠎ᠡ  ᠴᠠᠭ  ᠦᠶ᠎ᠡ ᠵᠢᠨ‌ᠮᠠᠷᠺᠰ ᠤᠨ ᠦᠵᠡᠯ ᠤᠨ ᠣᠨᠣᠯ ᠤᠨ ᠰᠤᠳᠤᠯᠭᠠᠨ  ᠪᠠ  ᠪᠠᠶᠢᠭᠤᠯᠤᠯᠲᠠ ᠶᠢᠨ  ᠢᠨᠵᠧᠨᠧᠷᠢᠩ ᠤᠨ  ᠭᠤᠤᠯᠳᠠᠯᠭ᠎ᠠ ᠲᠠᠢ  ᠵᠢᠭᠠᠬᠤ‌ᠮᠠᠲ᠋ᠧᠷᠢᠶᠠᠯ ᠤᠨ ᠪᠠᠶᠢᠭᠤᠯᠤᠯᠲᠠ ᠶᠢ ᠠᠬᠢᠭᠤᠯᠵᠤ᠂ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠷᠺᠰ ᠤᠨ  ᠦᠵᠡᠯ‌ᠢ ᠳᠤᠮᠳᠠᠳᠤ ᠤᠯᠤᠰᠴᠢᠯᠠᠭᠰᠠᠨ ᠴᠠᠭ  ᠦᠶᠡᠴᠢᠯᠡᠭᠰᠡᠨ  ᠬᠠᠮᠤᠭ ᠤᠨ  ᠰᠢᠨ᠎ᠡ  ᠦᠷ᠎ᠡ  ᠪᠦᠲᠦᠭᠡᠯ ᠢ  ᠬᠢᠴᠢᠶᠡᠯ ᠤᠨ  ᠵᠢᠭᠠᠬᠤ‌ᠮᠠᠲ᠋ᠧᠷᠢᠶᠠᠯ ᠳᠤ ᠣᠷᠣᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃                ᠬᠤᠶᠠᠷ ᠲᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ  ᠢ  ᠨᠠᠶᠢᠷᠠᠭᠤᠯᠤᠨ  ᠵᠠᠰᠠᠬᠤ  ᠶᠠᠰᠤ  ᠴᠢᠨᠠᠷ ᠢ‌‍ᠲ᠋ᠡᠭᠡᠭᠰᠢᠯᠡᠭᠦᠯᠵᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ  ᠰᠤᠷᠭᠠᠯᠲᠠ ᠵᠢ‌ᠠᠭᠤᠰᠤᠯᠴᠠᠭᠤᠯᠤᠭᠰᠠᠨ ᠴᠢᠨᠠᠷ ᠰᠠᠶᠢᠲᠠᠶ ᠵᠢᠭᠠᠬᠤ ᠮᠠᠲ᠋ᠧᠷᠢᠶᠠᠯ ᠢ  ᠭᠠᠷᠭᠠᠵᠤ᠂  ᠳᠡᠭᠡᠳᠦ  ᠵᠡᠷᠭᠡ ᠶᠢᠨ  ᠰᠤᠷᠭᠠᠨ  ᠬᠥᠮᠦᠵᠢᠯ ‍ᠤᠨ‌‍ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠲᠤᠯᠭᠠᠭᠤᠷᠢᠯᠠᠬᠤ ᠰᠢᠷᠢᠰ ᠵᠢᠭᠠᠬᠤ ᠮᠠᠲ᠋ᠧᠷᠢᠶᠠᠯ ᠢ ᠭᠠᠷᠭᠠᠵᠤ᠂ ᠵᠢᠭᠠᠬᠤ‌ᠮᠠᠲ᠋ᠧᠷᠢᠶᠠᠯ ᠤᠨ ᠲᠣᠭᠠᠴᠢᠯᠠᠯᠲᠠ ᠶᠢᠨ  ᠬᠡᠯᠪᠡᠷᠢ ᠶᠢ  ᠬᠤᠪᠢᠷᠠᠭᠤᠯᠬᠤ ᠶᠢ  ᠲᠦᠷᠭᠡᠨ  ᠠᠬᠢᠭᠤᠯᠵᠤ᠂  ᠵᠢᠭᠠᠬᠤ  ᠮᠠᠲ᠋ᠧᠷᠢᠶᠠᠯ ‍ᠤᠨ‌‍ᠪᠠᠶᠢᠭᠤᠯᠤᠯᠲᠠ ᠶᠢᠨ ᠤᠯᠤᠰ ᠤᠨ ᠴᠢᠬᠤᠯᠠ  ᠶᠡᠭᠡ  ᠪᠠᠶᠢᠯᠳᠤᠬᠤ  ᠪᠣᠳᠣᠯᠭ᠎ᠠ  ᠪᠠ  ᠴᠢᠳᠠᠪᠤᠷᠢᠲᠠᠨ  ᠬᠥᠮᠦᠵᠢᠭᠦᠯᠬᠦ  ᠬᠡᠷᠡᠭᠴᠡᠭᠡ‌‍ᠱᠠᠭᠠᠷᠳᠠᠯᠭ᠎ᠠ ᠳᠤ ᠦᠢᠯᠡᠴᠢᠯᠡᠬᠦ ᠶᠢ ᠠᠬᠢᠭᠤᠯᠤᠨ᠎ᠠ᠃                ᠭᠤᠷᠪᠠ ᠳᠤ᠂  ᠰᠠᠯᠠᠭ᠎ᠠ  ᠮᠥᠴᠢᠷ᠂  ᠣᠷᠣᠨ  ᠨᠤᠲᠤᠭ᠂  ᠰᠤᠷᠭᠠᠭᠤᠯᠢ᠂  ᠬᠡᠪᠯᠡᠯ ᠤᠨ  ᠨᠢᠭᠡᠴᠡ ᠶᠢᠨ  ᠲᠤᠰᠢᠶᠠᠯ‌ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ  ᠨᠠᠶᠢᠳᠠᠪᠤᠷᠢᠵᠢᠭᠤᠯᠵᠤ᠂  ᠵᠢᠭᠠᠬᠤ  ᠮᠠᠲ᠋ᠧᠷᠢᠶᠠᠯ ᠤᠨ  ᠬᠡᠷᠡᠭᠯᠡᠯᠲᠡ ᠶᠢ  ᠬᠢᠨᠠᠨ‌‍ᠪᠠᠶᠢᠴᠠᠭᠠᠬᠤ᠂  ᠠᠰᠠᠭᠤᠳᠠᠯ ᠳᠤ  ᠬᠢᠨᠠᠯᠲᠠ  ᠲᠠᠯᠪᠢᠬᠤ  ᠪᠠ  ᠰᠢᠢᠳᠪᠦᠷᠢᠯᠡᠬᠦ᠂  ᠬᠠᠷᠢᠭᠤᠴᠠᠯᠭ᠎ᠠ  ᠨᠡᠬᠡᠮᠵᠢᠯᠡᠬᠦ᠂   ᠬᠦᠳᠦᠯᠦᠨ‌ᠵᠢᠯᠣᠭᠤᠳᠴᠤ ᠵᠣᠷᠢᠭᠵᠢᠭᠤᠯᠬᠤ ᠵᠡᠷᠭᠡ ᠲᠣᠭᠲᠠᠴᠠ ᠶᠢ ᠪᠦᠷᠢᠨᠰᠢᠬᠦᠯᠵᠤ᠂  ᠵᠢᠭᠠᠨ  ᠰᠤᠷᠭᠠᠯᠲᠠ ᠶᠢᠨ  ᠬᠠᠪᠰᠤᠷᠤᠮᠵᠢ  ᠤᠩᠰᠢᠬᠤ‌‍ᠪᠢᠴᠢᠭ ᠤᠨ ᠬᠡᠪᠯᠡᠯ ᠤᠨ ᠶᠠᠰᠤ  ᠴᠢᠨᠠᠷ ᠢ  ᠳᠡᠭᠡᠭᠰᠢᠯᠡᠭᠦᠯᠵᠦ᠂  ᠬᠠᠮᠢᠶᠠᠷᠤᠯᠲᠠ ᠶᠢᠨ  ᠮᠡᠳᠡᠭᠡ  ᠵᠠᠩᠭᠢᠵᠢᠯᠲᠠ ᠶᠢᠨ  ᠲᠦᠪᠰᠢᠨ ᠢ‌‍ᠲ᠋ᠡᠭᠡᠭᠰᠢᠯᠡᠭᠦᠯᠵᠦ᠂  ᠨᠢᠭᠡᠳᠦᠯᠲᠡᠢ  ᠤᠳᠤᠷᠢᠳᠬᠤ᠂   ᠠᠵᠢᠯ   ᠬᠤᠪᠢᠶᠠᠷᠢᠯᠠᠨ   ᠬᠠᠷᠢᠭᠤᠴᠠᠬᠤ   ᠵᠢᠭᠠᠬᠤ   ᠮᠠᠲ᠋ᠧᠷᠢᠶᠠᠯ ‍ᠤᠨ‌ᠬᠠᠮᠢᠶᠠᠷᠤᠯᠲᠠ ᠶᠢᠨ ᠪᠠᠶᠢᠭᠤᠯᠤᠮᠵᠢ ᠶᠢ ᠴᠢᠨᠠᠭᠰᠢᠳᠠ ᠲᠡᠭᠦᠯᠳᠡᠷᠵᠢᠭᠦᠯᠦᠨ᠎ᠡ᠃                ᠳᠥᠷᠪᠡ ᠳᠤ ᠵᠢᠭᠠᠬᠤ ᠮᠠᠲ᠋ᠧᠷᠢᠶᠠᠯ ᠤᠨ ᠡᠩᠨᠡᠭᠡᠨ ᠤ ᠪᠠᠶᠢᠭᠤᠯᠤᠯᠲᠠ ᠪᠣᠯᠤᠨ ᠵᠢᠭᠠᠬᠤ ᠮᠠᠲ᠋ᠧᠷᠢᠶᠠᠯ ᠤᠨ  ᠰᠤᠳᠤᠯᠤᠯ ‍ᠤᠨ‌ᠠᠵᠢᠯ ᠢ ᠴᠢᠩᠭᠠᠳᠬᠠᠵᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠦ᠂ ᠵᠢᠭᠠᠬᠤ‌ᠮᠠᠲ᠋ᠧᠷᠢᠶᠠᠯ ᠤᠨ ᠪᠠᠶᠢᠭᠤᠯᠤᠯᠲᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃                ᠲᠠᠷᠠᠭᠠᠴᠢ ᠶᠢᠨ ᠠᠯᠬᠤᠮ ᠳᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ  ᠡᠯ᠎ᠡ  ᠪᠦᠷᠢᠯᠳᠦᠬᠦᠨ  ᠨᠢᠭᠡᠴᠡ‌‍ᠪᠣᠯᠤᠨ ᠣᠷᠣᠨ ᠨᠤᠲᠤᠭ ᠤᠨ  ᠡᠯ᠎ᠡ  ᠱᠠᠲᠤᠨ ᠤ  ᠨᠠᠮ ᠤᠨ  ᠬᠤᠷᠢᠶ᠎ᠠ᠂  ᠵᠠᠰᠠᠭ ᠤᠨ  ᠣᠷᠳᠣᠨ  ᠨᠢ  ᠤᠯᠤᠰ ᠤᠨ  ᠵᠢᠭᠠᠬᠤ‌ᠮᠠᠲ᠋ᠧᠷᠢᠶᠠᠯ ᠤᠨ ᠵᠥᠪᠯᠡᠯ ᠤᠨ ᠨᠢᠭᠡᠳᠦᠯᠲᠡᠶ ᠲᠥᠯᠥᠪᠵᠢᠭᠦᠯᠭᠡ ᠤᠳᠤᠷᠢᠳᠤᠯᠭ᠎ᠠ ᠳᠤᠤᠷ᠎ᠠ᠂ ᠡᠯ᠎ᠡ ᠵᠦᠢᠯ ᠤᠨ ᠡᠭᠦᠷᠭᠡ ᠶᠢᠨ ᠭᠤᠤᠯ‌‍ᠴᠣᠭᠴᠠ ᠶᠢ ᠲᠣᠳᠣᠷᠬᠠᠶᠢᠯᠠᠵᠤ᠂  ᠴᠠᠭ ᠤᠨ  ᠬᠦᠰᠦᠨᠦᠭᠲᠦ᠂  ᠪᠡᠶᠡᠯᠡᠬᠦᠯᠬᠦ  ᠪᠤᠳᠠᠳᠠᠢ  ᠠᠷᠭ᠎ᠠ  ᠵᠠᠮ᠂  ᠡᠭᠦᠷᠭᠡ ᠶᠢᠨ  ᠪᠢᠴᠢᠭ‌‍ᠲ᠋ᠣᠭᠲᠠᠭᠠᠵᠤ᠂ ᠨᠥᠬᠦᠴᠡᠯ ᠤᠨ ᠪᠠᠲᠤᠯᠠᠭ᠎ᠠ ᠶᠢ  ᠴᠢᠩᠭᠠᠳᠬᠠᠵᠤ᠂  ᠬᠡᠷᠡᠭᠵᠢᠭᠦᠯᠬᠦ  ᠳᠤᠮᠳᠠ  ᠲᠤᠯᠭᠠᠷᠠᠭᠰᠠᠨ  ᠭᠤᠤᠯᠳᠠᠯᠭ᠎ᠠ ᠲᠠᠢ‌‍ᠬᠦ᠋ᠴᠢᠷ  ᠠᠰᠠᠭᠤᠳᠠᠯ ᠢ  ᠴᠠᠭ  ᠲᠤᠬᠠᠶ ᠳᠤᠨᠢ  ᠰᠤᠳᠤᠯᠤᠨ  ᠰᠢᠢᠳᠪᠦᠷᠢᠯᠡᠵᠦ᠂   ᠱᠠᠯᠠᠪᠳᠠᠭᠤᠯᠤᠨ   ᠨᠠᠶᠢᠳᠠᠪᠤᠷᠢᠵᠢᠭᠤᠯᠬᠤ ᠵᠢ‌‍ᠴᠢᠩᠭᠠᠳᠬᠠᠵᠤ᠂   ᠤᠬᠠᠭᠤᠯᠵᠤ   ᠬᠥᠲᠥᠯᠥᠨ   ᠵᠢᠯᠣᠭᠤᠳᠬᠤ ᠶᠢ   ᠴᠢᠬᠤᠯᠠᠴᠢᠯᠠᠵᠤ᠂   ᠡᠯ᠎ᠡ   ᠵᠦᠢᠯ ᠤᠨ   ᠠᠵᠢᠯ ‍ᠤᠨ‌‍ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ 
ᠢᠷᠡᠯᠲᠡ᠄ ᠠᠷᠠᠳ ᠤᠨ ᠰᠦᠯᠵᠢᠶ᠎ᠡ