ᠦᠦᠰᠢᠨ ᠬᠤᠰᠢᠭᠤᠨ ᠤ ᠡᠭᠦᠳᠡᠨ ᠪᠥᠮᠪᠥᠭᠡᠨ ᠤ ᠨᠦᠬᠦᠷᠰᠡᠭ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/1/18
      ᠣᠶᠢᠷ᠎ᠠ ᠶᠢᠨ ᠡᠳᠦᠷ᠂ ᠬᠥᠬᠡ ᠯᠤᠤ ᠵᠢᠯ ᠤᠨ ᠴᠠᠭᠠᠨ ᠰᠠᠷ᠎ᠠ ᠪᠠᠨ ᠤᠭᠲᠤᠬᠤ ᠦᠦᠰᠢᠨ ᠬᠤᠰᠢᠭᠤᠨ ᠤ ᠡᠭᠦᠳᠡᠨ ᠪᠥᠮᠪᠥᠭᠡᠨ ᠤ ᠨᠦᠬᠦᠷᠰᠡᠭ ᠤᠷᠤᠯᠳᠤᠭᠠᠨ ᠮᠠᠨ ᠤ ᠬᠤᠰᠢᠭᠤᠨ ᠤ ᠪᠡᠶ᠎ᠡ ᠲᠠᠮᠢᠷ ᠤᠨ ᠣᠷᠳᠣᠨ ᠳᠤ ᠶᠠᠪᠤᠭᠳᠠᠯ᠎ᠠ᠃            ᠪᠥᠭᠦ ᠣᠷᠣᠨ ᠤ ᠡᠯ᠎ᠡ ᠠᠶᠢᠮᠠᠭ ᠬᠤᠳᠠ ᠪᠣᠯᠣᠨ ᠮᠠᠨ ᠤ ᠬᠤᠳᠠ ᠶᠢᠨ ᠡᠯ᠎ᠡ ᠬᠤᠰᠢᠭᠤ ᠲᠣᠭᠤᠷᠢᠭ ᠠᠴᠠ ᠬᠦᠷᠦᠯᠴᠡᠨ ᠢᠷᠡᠭᠰᠡᠨ 150 ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃            ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠲᠤᠰ ᠤᠷᠤᠯᠳᠤᠭᠠᠨ ᠢ ᠡᠭᠡᠯᠵᠢᠯᠡᠬᠦ ᠤᠷᠤᠯᠳᠤᠭᠠᠨ᠂ ᠨᠤᠭᠤᠯᠤᠭ᠎ᠠ ᠤᠷᠤᠯᠳᠤᠭᠠᠨ ᠭᠡᠬᠦ ᠬᠤᠶᠠᠷ ᠱᠠᠲᠤ ᠬᠤᠪᠢᠶᠠᠨ ᠨᠡᠶᠢᠲᠡ 72 72ᠲᠠᠯᠠᠪᠠᠢ ᠤᠷᠤᠯᠳᠤᠭᠠᠨ ᠢ ᠶᠠᠪᠤᠭᠳᠠᠭᠤᠯᠬᠤ ᠪᠠᠷ ᠲᠠᠮᠵᠢᠨ ᠦᠦᠰᠢᠨ ᠬᠤᠰᠢᠭᠤᠨ ᠤ ᠡᠭᠦᠳᠡᠨ ᠪᠥᠮᠪᠥᠭᠡᠨ ᠠᠩᠭᠢ ᠮᠠᠩᠯᠠᠶᠢᠯᠠᠨ᠂ ᠤᠲᠤᠭ ᠬᠤᠰᠢᠭᠤᠨ ᠤ ᠡᠭᠦᠳᠡᠨ ᠪᠥᠮᠪᠥᠭᠡᠨ ᠠᠩᠭᠢ ᠳᠡᠳ᠋ᠯᠡᠵᠦ᠂ ᠰᠢᠯᠢ ᠶᠢᠨ ᠭᠤᠣᠯ ᠠᠶᠢᠮᠠᠭ ᠤᠨ ᠡᠭᠦᠳᠡᠨ ᠪᠥᠮᠪᠥᠭᠡᠨ ᠠᠩᠭᠢ ᠭᠤᠷᠪᠠᠳᠤᠭᠠᠷ ᠲᠤ ᠲᠣᠳᠣᠷᠠᠭᠰᠠᠨ ᠪᠠᠶᠢᠨ᠎ᠠ᠃            ᠲᠤᠰ ᠤᠷᠤᠯᠳᠤᠭᠠᠨ ᠨᠢ ᠥᠪᠥᠷ ᠮᠣᠩᠭᠤᠯ ᠤᠨ ᠡᠯ᠎ᠡ ᠠᠶᠢᠮᠠᠭ ᠬᠤᠳᠠ ᠪᠣᠯᠣᠨ ᠮᠠᠨ ᠤ ᠬᠤᠳᠠ ᠶᠢᠨ ᠡᠯ᠎ᠡ ᠬᠤᠰᠢᠭᠤ ᠲᠣᠭᠤᠷᠢᠭ ᠤᠨ ᠡᠭᠦᠳᠡᠨ ᠪᠥᠮᠪᠥᠭᠡᠨ ᠪᠠᠭ᠋ᠠᠲᠠᠳ ᠲᠤ ᠮᠡᠷᠭᠡᠵᠢᠯ ᠢᠶᠠᠨ ᠰᠣᠯᠢᠯᠴᠠᠨ ᠨᠦᠬᠦᠷᠰᠡᠭ ᠬᠠᠷᠢᠴᠠᠭ᠎ᠠ ᠪᠠᠨ ᠪᠠᠲᠤᠳᠬᠠᠬᠤ ᠰᠠᠶᠢᠬᠠᠨ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠮᠠᠨ ᠤ ᠬᠤᠰᠢᠭᠤᠨ ᠤ ᠡᠭᠦᠳᠡᠨ ᠪᠥᠮᠪᠦᠭᠡ ᠶᠢᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃                                                                    ᠰᠤᠷᠪᠤᠯᠵᠢᠯᠠᠭᠴᠢ᠄ ᠲᠠᠨ᠎ᠠ᠂ ᠷᠢᠸᠠᠳᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ