2024 ᠣᠨ ᠳᠤ ᠮᠠᠨ ᠤ ᠤᠯᠤᠰ ᠰᠠᠨᠰᠠᠷᠴᠢ ᠲᠠᠢ ᠰᠠᠨᠰᠠᠷ ᠠᠶᠠᠯᠠᠯ ᠤᠨ ᠳᠥᠷᠪᠡ ᠤᠳᠠᠭᠠᠨ ᠤ ᠡᠭᠦᠷᠭᠡ ᠶᠢ ᠭᠦᠢᠴᠡᠳᠬᠡᠬᠦ ᠪᠣᠯᠣᠨ᠎ᠠ
ᠨᠡᠶᠢᠲᠡᠯᠡᠭᠰᠡᠨ ᠴᠠᠭ᠄
2024/1/18
       ᠲᠥᠪ ᠷᠠᠳᠢᠣ᠋ ᠶᠢᠨ ᠮᠡᠳᠡᠭᠡ᠄ ᠰᠤᠷᠪᠤᠯᠵᠢᠯᠠᠭᠴᠢ ᠳᠤᠮᠳᠠᠳᠤ ᠤᠯᠤᠰ ᠤᠨ ᠰᠠᠨᠰᠠᠷᠴᠢ ᠲᠠᠢ ᠰᠠᠨᠰᠠᠷ ᠠᠶᠠᠯᠠᠯ ᠤᠨ ᠢᠨᠵᠧᠨᠧᠷᠢᠩ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠤᠯᠤᠰ ᠲᠢᠶᠠᠨ ᠵᠢᠸᠦ ᠳᠣᠯᠣᠳᠤᠭᠠᠷ ᠠᠴᠢᠶᠠᠨ ᠤ ᠨᠢᠰᠬᠦ ᠣᠩᠭᠤᠴᠠ᠂ ᠰᠢᠳᠢᠲᠦ ᠬᠥᠯᠭᠡ ᠠᠷᠪᠠᠨ ᠨᠠᠢᠮᠠᠳᠤᠭᠠᠷ ᠰᠠᠨᠰᠠᠷᠴᠢ ᠲᠠᠢ ᠨᠢᠰᠬᠦ ᠣᠩᠭᠤᠴᠠ᠂ ᠲᠢᠶᠠᠨ ᠵᠢᠸᠦ ᠨᠠᠢᠮᠠᠳᠤᠭᠠᠷ ᠠᠴᠢᠶᠠᠨ ᠤ ᠨᠢᠰᠬᠦ ᠣᠩᠭᠤᠴᠠ᠂ ᠰᠢᠳᠢᠲᠦ ᠬᠥᠯᠭᠡ ᠠᠷᠪᠠᠨ ᠶᠢᠰᠦᠳᠦᠭᠡᠷ ᠰᠠᠨᠰᠠᠷᠴᠢ ᠲᠠᠢ ᠨᠢᠰᠬᠦ ᠣᠩᠭᠤᠴᠠ ᠵᠡᠷᠭᠡ 4 ᠤᠳᠠᠭᠠᠨ ᠤ ᠬᠥᠭᠡᠷᠦᠭᠦᠯᠬᠦ ᠡᠭᠦᠷᠭᠡ ᠶᠢ ᠭᠦᠢᠴᠡᠳᠬᠡᠬᠦ ᠪᠣᠯᠣᠨ᠎ᠠ᠃ ᠣᠳᠣᠬᠠᠨ ᠳᠤ᠂ ᠢᠨᠵᠧᠨᠧᠷᠢᠩ ᠤᠨ ᠡᠯ᠎ᠡ ᠡᠭᠦᠷᠭᠡ ᠬᠦᠯᠢᠶᠡᠭᠰᠡᠨ ᠪᠠᠶᠢᠭᠤᠯᠭ᠎ᠠ ᠨᠢᠭᠡᠴᠠ ᠶᠠᠭ ᠲᠥᠯᠥᠪᠯᠡᠭᠡ ᠶᠣᠰᠣᠭᠠᠷ ᠬᠠᠮᠢᠶ᠎ᠠ ᠲᠠᠢ ᠠᠵᠢᠯ ᠢᠶᠠᠨ ᠥᠷᠨᠢᠭᠦᠯᠵᠦ ᠪᠠᠶᠢᠨ᠎ᠠ᠃          11 ᠳ᠋ᠦ᠋ᠭᠡᠷ ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠰᠠᠨᠰᠠᠷᠴᠢ ᠲᠠᠢ ᠰᠠᠨᠰᠠᠷ ᠠᠶᠠᠯᠠᠯ ᠤᠨ ᠢᠨᠵᠧᠨᠧᠷᠢᠩ ᠤᠨ ᠠᠯᠪᠠᠨ ᠭᠡᠷ 2024 ᠣᠨ ᠳᠤ ᠳᠡᠭᠡᠷ᠎ᠡ ᠳᠤᠷᠠᠳᠤᠭᠰᠠᠨ ᠳᠥᠷᠪᠡ ᠤᠳᠠᠭᠠᠨ ᠤ ᠬᠥᠭᠡᠷᠦᠭᠦᠯᠬᠦ ᠡᠭᠦᠷᠭᠡ ᠶᠢᠨ ᠮᠠᠷᠺ ᠲᠡᠮᠳᠡᠭ ᠢ ᠨᠡᠶᠢᠲᠡᠯᠡᠵᠡᠢ᠃ ᠣᠶᠢᠷ᠎ᠠ ᠳᠤ᠂ ᠲᠢᠶᠠᠨ ᠵᠢᠸᠦ ᠳᠣᠯᠣᠳᠤᠭᠠᠷ ᠠᠴᠢᠶᠠᠨ ᠤ ᠨᠢᠰᠬᠦ ᠣᠩᠭᠤᠴᠠ ᠶᠢ ᠨᠢᠭᠡᠨᠲᠡ ᠦᠢᠯᠡᠳᠪᠦᠷᠢ ᠠᠴᠠ ᠨᠢ ᠭᠠᠷᠭᠠᠵᠤ᠂ ᠸᠧᠨ ᠴᠠᠩ ᠤᠨ ᠰᠠᠨᠰᠠᠷ ᠠᠶᠠᠯᠠᠯ ᠤᠨ ᠬᠥᠭᠡᠷᠦᠭᠦᠯᠬᠦ ᠲᠠᠯᠠᠪᠠᠢ ᠳᠤ ᠬᠦᠷᠭᠡᠭᠰᠡᠨ ᠪᠠᠶᠢᠨ᠎ᠠ᠂ ᠳᠠᠷᠠᠭᠠᠴᠢ ᠪᠠᠷ ᠲᠥᠯᠥᠪᠯᠡᠭᠡ ᠶᠣᠰᠣᠭᠠᠷ ᠶᠡᠷᠦᠩᠬᠡᠢ ᠤᠭᠰᠠᠷᠠᠯᠲᠠ᠂ ᠲᠤᠷᠰᠢᠯᠲᠠ ᠵᠡᠷᠭᠡ ᠠᠵᠢᠯ ᠢ ᠬᠢᠵᠦ᠂ 2024 ᠣᠨ ᠤ ᠡᠬᠢᠨ ᠳᠤ ᠸᠧᠨ ᠴᠠᠩ ᠤᠨ ᠰᠠᠨᠰᠠᠷ ᠠᠶᠠᠯᠠᠯ ᠤᠨ ᠬᠥᠭᠡᠷᠦᠭᠦᠯᠬᠦ ᠲᠠᠯᠠᠪᠠᠢ ᠠᠴᠠ ᠰᠠᠨᠰᠠᠷ ᠲᠤ ᠬᠥᠭᠡᠷᠦᠭᠦᠯᠬᠦ ᠪᠠᠷ ᠲᠥᠯᠥᠪᠯᠡᠵᠦ ᠪᠣᠢ᠃         ᠣᠳᠣᠬᠠᠨ ᠳᠤ᠂ ᠳᠤᠮᠳᠠᠳᠤ ᠤᠯᠤᠰ ᠤᠨ ᠰᠠᠨᠰᠠᠷ ᠤᠨ ᠥᠷᠲᠡᠭᠡᠨ ᠤ ᠡᠯ᠎ᠡ ᠪᠦᠷᠢᠯᠳᠦᠬᠦᠨ ᠬᠡᠰᠡᠭ ᠪᠣᠯᠣᠨ ᠡᠯ᠎ᠡ ᠵᠦᠢᠯ ᠤᠨ ᠲᠣᠨᠤᠭ ᠲᠥᠬᠦᠭᠡᠷᠦᠮᠵᠢ ᠬᠡᠪ ᠤᠨ ᠶᠣᠰᠣᠭᠠᠷ ᠲᠣᠭᠲᠠᠭᠤᠨ ᠠᠵᠢᠯᠯᠠᠵᠤ ᠪᠠᠶᠢᠨ᠎ᠠ᠃ ᠰᠢᠳᠢᠲᠦ ᠬᠥᠯᠭᠡ ᠠᠷᠪᠠᠨ ᠳᠣᠯᠣᠳᠤᠭᠠᠷ ᠤᠨ ᠰᠠᠨᠰᠠᠷᠴᠢ ᠲᠠᠩ ᠬᠤᠩ ᠪᠦᠸᠧ᠂ ᠲᠠᠩ ᠱᠧᠩ ᠵᠢᠶᠧ ᠪᠣᠯᠣᠨ ᠵᠢᠶᠠᠩ ᠰᠢᠨ ᠯᠢᠨ 10 ᠳ᠋ᠤᠭᠠᠷ ᠰᠠᠷ᠎ᠠ ᠶᠢᠨ 26 ᠳᠤ ᠰᠠᠨᠰᠠᠷ ᠤᠨ ᠥᠷᠲᠡᠭᠡᠨ ᠳᠤ ᠣᠷᠣᠵᠤ ᠰᠠᠭᠤᠭᠰᠠᠨ ᠠᠴᠠ ᠨᠠᠭᠠᠰᠢ᠂ ᠥᠷᠲᠡᠭᠡᠨ ᠤ ᠪᠠᠶᠢᠳᠠᠯ ᠤᠨ ᠲᠣᠬᠢᠷᠠᠭᠤᠯᠤᠯᠲᠠ᠂ ᠠᠴᠢᠶ᠎ᠠ ᠡᠭᠦᠷᠴᠦ ᠥᠷᠲᠡᠭᠡᠨ ᠠᠴᠠ ᠭᠠᠷᠬᠤ᠂ ᠲᠤᠷᠰᠢᠯᠲᠠ ᠶᠢᠨ ᠮᠠᠰᠢᠨ ᠢ ᠲᠣᠬᠢᠷᠠᠭᠤᠯᠬᠤ ᠵᠡᠷᠭᠡ ᠬᠠᠮᠢᠶ᠎ᠠ ᠲᠠᠢ ᠠᠵᠢᠯ ᠢ ᠵᠠᠯᠭ᠎ᠠ ᠪᠠᠷ ᠥᠷᠨᠢᠭᠦᠯᠵᠡᠢ᠃ ᠡᠭᠦᠨ ᠤ ᠳᠠᠷᠠᠭ᠎ᠠ᠂ ᠰᠢᠳᠢᠲᠦ ᠬᠥᠯᠭᠡ ᠠᠷᠪᠠᠨ ᠳᠣᠯᠣᠳᠤᠭᠠᠷ ᠤᠨ ᠰᠠᠨᠰᠠᠷᠴᠢᠳ ᠥᠷᠲᠡᠭᠡᠨ ᠠᠴᠠ ᠪᠠᠨ ᠭᠠᠷᠴᠤ ᠠᠵᠢᠯᠯᠠᠵᠤ᠂ ᠰᠠᠨᠰᠠᠷ ᠤᠨ ᠥᠷᠲᠡᠭᠡᠨ ᠤ ᠭᠠᠳᠠᠨ᠎ᠠ ᠲᠤᠷᠰᠢᠯᠲᠠ ᠶᠢᠨ ᠴᠢᠨᠠᠷᠲᠠᠢ ᠰᠡᠯᠪᠢᠨ ᠵᠠᠰᠠᠬᠤ ᠠᠵᠢᠯ ᠢ ᠠᠩᠬ᠎ᠠ ᠤᠳᠠᠭ᠎ᠠ ᠬᠢᠬᠦ ᠪᠣᠯᠣᠨ᠎ᠠ᠃ 
ᠢᠷᠡᠯᠲᠡ᠄ ᠲᠥᠪ ᠷᠠᠳᠢᠤ᠋ ᠶᠢᠨ ᠮᠤᠩᠭᠤᠯ ᠰᠦᠯᠵᠢᠶ᠎ᠡ