ᠤᠷᠢᠳᠴᠢᠯᠠᠨ ᠰᠤᠷᠬᠤ ᠨᠢ ᠦᠨᠡᠭᠡᠷ ᠲᠤᠰᠠ ᠲᠠᠢ ᠬᠡᠵᠦ ᠤᠤ︖
ᠨᠡᠶᠢᠲᠡᠯᠡᠭᠰᠡᠨ ᠴᠠᠭ᠄
2024/1/18
        ︽ᠬᠡᠦᠬᠡᠳ ᠢᠶᠠᠨ ᠡᠬᠢᠨ ᠤ ᠭᠠᠷᠤᠭ᠎ᠠ ᠳᠤ ᠨᠢ ᠬᠤᠵᠢᠭᠳᠠᠭᠤᠯᠬᠤ ᠦᠬᠡᠢ︾ ᠬᠡᠮᠡᠬᠦ ᠤᠶᠢᠯᠠᠭᠠᠯᠳᠠ ᠠᠴᠠ ᠪᠤᠯᠵᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ ᠪᠠᠭ᠎ᠠ ᠰᠤᠷᠭᠠᠭᠤᠯᠢᠴᠢᠯᠠᠭᠰᠠᠨ ᠰᠤᠷᠭᠠᠨ ᠬᠦᠮᠦᠵᠢᠯ ᠤᠨ ᠬᠡᠯᠪᠡᠷᠢᠯ ᠭᠠᠷᠴᠤ᠂ ᠤᠯᠠᠩᠬᠢ ᠬᠡᠷ ᠤᠨ ᠠᠬᠠᠮᠠᠳ ᠴᠤ ᠪᠠᠯᠴᠢᠷ ᠬᠡᠦᠬᠡᠳ ᠢᠶᠠᠨ ᠳᠠᠭᠤᠤ᠂ ᠤᠷᠠᠨ ᠵᠢᠷᠤᠭ᠂ ᠬᠡᠯᠡᠨ ᠶᠠᠷᠢᠶ᠎ᠠ᠂ ᠠᠩᠭ᠍ᠯᠢ ᠬᠡᠯᠡ ᠬᠡᠮᠡᠨ ᠤᠯᠠᠨ ᠶᠠᠩᠵᠤ ᠶᠢᠨ ᠳᠤᠷ᠎ᠠ ᠰᠤᠨᠢᠷᠬᠠᠯ ᠤᠨ ᠠᠩᠬᠢ ᠳᠤ ᠬᠦᠷᠬᠡᠵᠦ ᠪᠠᠶᠢᠭ᠎ᠠ ᠦᠵᠡᠭᠳᠡᠯ ᠨᠡᠶᠢᠳᠡᠮ ᠬᠠᠷᠠᠭᠳᠠᠨ᠎ᠠ᠃ ᠲᠡᠭᠡᠪᠡᠯ ᠤᠷᠢᠳᠴᠢᠯᠠᠨ ᠰᠤᠷᠬᠤ ᠨᠢ ᠦᠨᠡᠭᠡᠷ ᠲᠤᠰᠠ ᠲᠠᠢ ᠬᠡᠵᠦ ᠤᠤ︖         ᠪᠠᠯᠴᠢᠷ ᠬᠡᠦᠬᠡᠳ ᠤᠨ ᠦᠰᠦᠨ ᠪᠤᠶᠢᠵᠢᠯᠳᠠ ᠶᠢᠨ ᠵᠢᠮ᠎ᠡ ᠶᠣᠰᠣ ᠪᠠ ᠣᠨᠴᠠᠯᠢᠭ ᠢ ᠵᠢᠷᠤᠮᠯᠠᠬᠤ ᠪᠣᠯ ᠰᠤᠷᠭᠠᠨ ᠬᠥᠮᠦᠵᠢᠭᠦᠯᠬᠦ ᠦᠨᠳᠦᠰᠦᠨ ᠵᠢᠷᠦᠮ ᠪᠤᠯᠤᠨ᠎ᠠ᠃ ᠬᠡᠦᠬᠡᠳ ᠤᠨ ᠬᠥᠭᠵᠢᠯᠲᠡ ᠶᠢᠨ ᠣᠨᠴᠠᠯᠢᠭ ᠠᠴᠠ ᠦᠵᠡᠪᠡᠯ ᠬᠡᠶᠢᠰᠪᠦᠷᠢ ᠮᠡᠳᠡᠯᠭᠡ ᠲᠠᠢ ᠲᠡᠩᠳᠡᠬᠦᠦ ᠡᠷᠳᠡ ᠣᠶᠢᠷᠠᠳᠬᠤ ᠨᠢ ᠲᠣᠬᠢᠷᠠᠮᠵᠢ ᠦᠭᠡᠢ᠃ ᠪᠠᠯᠴᠢᠷ ᠬᠡᠦᠬᠡᠳ ᠤᠨ ᠲᠠᠨᠢᠨ ᠮᠡᠳᠡᠬᠦᠢ ᠶᠢᠨ ᠴᠢᠳᠠᠪᠤᠷᠢ ᠪᠠ ᠰᠡᠳᠬᠢᠬᠦᠢ ᠨᠢ ᠬᠠᠷᠠᠬᠠᠨ ᠪᠣᠯᠪᠠᠰᠤᠷᠠᠩᠭᠤᠢ ᠪᠣᠯᠣᠭᠠᠳᠤᠢ ᠪᠤᠯᠬᠤᠷ ᠲᠣᠭᠯᠠᠭᠠᠮ᠂ ᠬᠠᠶᠢᠨ ᠰᠦᠪᠡᠭᠴᠢᠯᠡᠬᠦ ᠪᠠ ᠪᠡᠶᠡᠳᠡᠨ ᠤᠶᠢᠯᠠᠭᠠᠬᠤ ᠬᠡᠯᠪᠡᠷᠢ ᠪᠠᠷ ᠰᠤᠷᠤᠯᠴᠠᠬᠤ ᠨᠢ ᠨᠡᠩ ᠲᠣᠬᠢᠷᠠᠮᠵᠢᠲᠠᠢ ᠪᠠᠶᠢᠳᠠᠭ᠃ ᠬᠠᠷᠢᠨ ᠦᠰᠦᠭ ᠳᠠᠨᠢᠬᠤ᠂ ᠳᠤᠭ᠎ᠠ ᠪᠤᠳᠤᠬᠤ ᠮᠡᠳᠤ ᠶᠢᠨ ᠬᠡᠶᠢᠰᠪᠦᠷᠢ ᠮᠡᠳᠡᠯᠭᠡ ᠶᠢ ᠤᠷᠢᠳᠴᠢᠯᠠᠨ ᠰᠤᠷᠬᠤ ᠨᠢ ᠬᠡᠦᠬᠡᠳ ᠤᠨ ᠳᠠᠷᠤᠭᠠᠰᠤ ᠶᠢ ᠬᠦᠨᠳᠦᠷᠡᠭᠦᠯᠵᠦ᠂ ᠰᠤᠷᠤᠯᠴᠠᠬᠤ ᠤᠷᠮ᠎ᠠ ᠪᠠᠬ᠎ᠠ ᠶᠢ ᠨᠢ ᠠᠯᠳᠠᠭᠤᠯᠵᠤ ᠮᠡᠳᠡᠨ᠎ᠡ᠃        ᠵᠠᠭᠤᠴᠢᠯᠠᠭᠤᠷ ᠲᠤ ᠮᠡᠳᠡᠬᠡᠯᠡᠭᠰᠡᠨ ᠢᠶᠠᠷ᠂ ᠵᠢᠶᠠᠩᠰᠤ ᠮᠤᠵᠢ ᠶᠢᠨ ᠴᠠᠩᠵᠸᠦ ᠬᠤᠲᠠ ᠶᠢᠨ ᠾᠧ ᠬᠠᠢ ᠲᠤᠷᠰᠢᠯᠲᠠ ᠶᠢᠨ ᠰᠤᠷᠭᠠᠭᠤᠯᠢ ᠶᠢᠨ 3 ᠵᠢᠯ ᠤᠨ ᠲᠤᠷᠰᠢᠬᠢ ᠮᠥᠷᠳᠡᠨ ᠪᠠᠶᠢᠴᠠᠭᠠᠯᠳᠠ ᠶᠢᠨ ᠬᠡᠷᠡᠭ ᠤᠨ ᠵᠢᠱᠢᠶ᠎ᠡ ᠶᠢᠨ ᠵᠠᠳᠠᠯᠤᠯᠲᠠ ᠳᠤ᠂ ᠤᠷᠢᠳᠴᠢᠯᠠᠨ ᠰᠣᠷᠣᠭᠰᠠᠨ ᠰᠣᠷᠣᠭᠴᠢᠳ ᠡᠬᠢᠨ ᠳᠡᠭᠡᠨ ᠦᠨᠡᠬᠡᠷ ᠤᠷᠦ᠋ᠢᠯᠠᠳᠠᠭ ᠪᠣᠯᠪᠠᠴᠤ ᠴᠠᠭ ᠬᠤᠭᠤᠴᠠᠭᠠᠨ ᠤ ᠥᠩᠭᠡᠷᠡᠬᠦ ᠶᠢ ᠳᠠᠭᠠᠯᠳᠤᠨ ᠡᠨᠡ ᠬᠦ ᠳᠠᠪᠠᠭᠤᠯᠢᠭ ᠢᠶᠠᠨ ᠠᠯᠳᠠᠳᠠᠭ ᠪᠤᠯᠬᠤᠷ ᠤᠷᠢᠳᠴᠢᠯᠠᠨ ᠰᠤᠷᠬᠤ ᠨᠢ ᠳᠡᠮᠡᠢ ᠠᠴᠢ ᠳᠤᠰᠠ ᠦᠬᠡᠢ ᠬᠡᠵᠦ ᠳ᠋ᠦᠩᠨᠡᠪᠡ᠃ ᠡᠨᠡ ᠬᠦ ᠵᠢᠱᠢᠶ᠎ᠡ ᠠᠴᠠ ᠬᠡᠤᠬᠡᠳ ᠢ ᠰᠤᠷᠭᠠᠨ ᠬᠦᠮᠦᠵᠢᠬᠦᠯᠬᠦ ᠳᠤ ᠲᠡᠳᠡᠨ ᠤ ᠦᠰᠦᠨ ᠪᠤᠶᠢᠵᠢᠯᠳᠠ ᠶᠢᠨ ᠵᠢᠮ᠎ᠡ ᠶᠣᠰᠣ ᠶᠢ ᠬᠦᠨᠳᠦᠳᠬᠡᠵᠦ᠂ ᠶᠠᠭᠠᠬᠢᠭᠰᠠᠨ ᠴᠤ ᠪᠢᠴᠢᠭ ᠨᠤᠮ ᠰᠤᠷᠭᠠᠬᠤ ᠬᠡᠮᠡᠨ ᠶᠠᠭᠠᠷᠠᠵᠤ ᠪᠤᠯᠬᠤ ᠦᠬᠡᠢ ᠬᠡᠳᠡᠭ ᠶᠤᠰᠤ ᠤᠴᠢᠷ ᠢ ᠮᠡᠳᠡᠵᠦ ᠪᠤᠯᠤᠨ᠎ᠠ᠃ ᠢᠯᠠᠩᠭᠤᠶ᠎ᠠ ᠤᠷᠢᠳᠴᠢᠯᠠᠨ ᠰᠤᠷᠬᠤ ᠠᠴᠠ ᠪᠤᠯᠤᠭᠰᠠᠨ ᠦᠷ᠎ᠠ ᠨᠦᠯᠦᠬᠡ ᠪᠦᠬᠦ᠋ᠯᠡ ᠰᠠᠭᠤᠷᠢ ᠰᠤᠷᠭᠠᠨ ᠬᠦᠮᠦᠵᠢᠯ ᠤᠨ ᠠᠬᠤᠢ ᠪᠠᠶᠢᠳᠠᠯ ᠢ ᠨᠦᠯᠦᠬᠡᠯᠡᠵᠦ᠂ ᠬᠡᠷ ᠤᠨ ᠠᠬᠠᠮᠠᠳ ᠨᠠᠷ ᠲᠤ ᠴᠤ ᠵᠤᠪᠠᠨᠢᠯ ᠪᠤᠬᠢᠨᠢᠳᠤᠯ ᠠᠪᠴᠢᠷᠠᠬᠤ ᠶᠢᠨ ᠵᠡᠷᠬᠡ ᠪᠠᠷ ᠬᠡᠦᠬᠡᠳ ᠤᠨ ᠬᠤᠶᠢᠰᠢᠳᠠ ᠶᠢᠨ ᠰᠤᠷᠤᠯᠴᠠᠯᠭ᠎ᠠ ᠳᠤ ᠴᠤ ᠨᠠᠵᠠᠭᠠᠢ ᠨᠦᠯᠦᠬᠡ ᠦᠵᠡᠬᠦᠯᠵᠦ ᠮᠡᠳᠡᠬᠦ ᠶᠤᠮ᠃       ᠣᠶᠢᠷ᠎ᠠ ᠶᠢᠨ ᠵᠢᠯ ᠠᠴᠠ ᠰᠤᠷᠭᠠᠨ ᠬᠥᠮᠦᠵᠢᠯ ᠤᠨ ᠶᠠᠮᠤᠨ ᠵᠢᠴᠢ ᠡᠯ᠎ᠡ ᠮᠤᠵᠢ ᠣᠷᠣᠨ ᠬᠤᠲᠠ ᠶᠢᠨ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ᠂ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠬᠥᠲᠥᠯᠪᠦᠷᠢ ᠶᠢᠨ ᠳᠤᠬᠠᠢ ᠣᠯᠠᠨ ᠲᠥᠷᠥ ᠶᠢᠨ ᠪᠣᠳᠣᠯᠭ᠎ᠠ ᠨᠡᠶᠢᠲᠡᠯᠡᠭᠰᠡᠨ ᠨᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠰᠢᠨᠵᠢᠯᠡᠭᠦ ᠤᠬᠠᠭᠠᠨᠴᠢ ᠴᠢᠨᠠᠷ ᠢ ᠠᠩᠬᠠᠷᠤᠨ ᠴᠢᠬᠤᠯᠠᠴᠢᠯᠠᠵᠤ ᠪᠠᠶᠢᠭ᠎ᠠ ᠶᠢ ᠬᠠᠷᠠᠭᠤᠯᠵᠤ ᠪᠤᠢ᠃ ᠪᠠᠯᠴᠢᠷ ᠬᠡᠦᠬᠡᠳ ᠲᠤ ᠬᠡᠳᠦ ᠡᠷᠳᠡ ᠮᠡᠳᠡᠯᠬᠡ ᠵᠢᠭᠠᠬᠤ ᠠᠴᠠ ᠬᠠᠷᠢᠨ ᠳᠡᠳᠡᠨ ᠳᠤ ᠰᠤᠷᠤᠯᠴᠠᠬᠤ ᠤᠷᠮ᠎ᠠ ᠪᠠᠬ᠎ᠠ᠂ ᠳᠠᠳᠬᠠᠯ ᠪᠠ ᠪᠡᠶ᠎ᠠ ᠪᠠᠨ ᠳᠠᠭᠠᠭᠠᠬᠤ ᠴᠢᠳᠠᠪᠤᠷᠢ ᠶᠢ ᠨᠢ ᠬᠥᠮᠥᠵᠢᠭᠦᠯᠬᠦ ᠨᠢ ᠨᠡᠩ ᠴᠢᠬᠤᠯᠠ᠃ ᠡᠭᠦᠨ ᠠᠴᠠ ᠭᠠᠳᠠᠨ᠎ᠠ᠂ ᠭᠡᠷ ᠤᠨ ᠠᠬᠠᠮᠠᠳ ᠨᠠᠷ ᠪᠠᠰᠠ ᠬᠡᠦᠬᠡᠳ ᠤᠨ ᠢᠶᠠᠨ ᠰᠣᠩᠭᠤᠯᠲᠠ ᠶᠢ ᠬᠦᠨᠳᠦᠳᠬᠡᠵᠦ᠂ ᠬᠡᠦᠬᠡᠳ ᠢᠶᠠᠨ ᠬᠠᠪᠰᠤᠷᠤᠨ ᠳᠠᠪᠠᠭᠤᠯᠢᠭ ᠲᠠᠯ᠎ᠠ ᠪᠠ ᠳᠠᠯᠳᠠ ᠬᠦᠴᠦᠨ ᠢ ᠨᠢ ᠢᠯᠡᠷᠡᠭᠦᠯᠦᠨ᠂ ᠪᠠᠶᠠᠷ ᠬᠦᠷ ᠲᠠᠢ ᠦᠰᠬᠡᠨ ᠬᠦᠮᠦᠵᠢᠬᠦᠯᠬᠦ ᠪᠠᠷ ᠬᠥᠲᠥᠯᠥᠨ ᠵᠢᠯᠣᠭᠤᠳᠪᠠᠯ ᠵᠣᠬᠢᠨ᠎ᠠ᠃ ᠵᠢᠱᠢᠶᠡᠯᠡᠪᠡᠯ ᠴᠠᠭ ᠲᠤᠬᠠᠢ ᠳᠠᠭᠠᠨ ᠳᠠᠰᠬᠠᠯ ᠢᠶᠠᠨ ᠪᠡᠶᠡᠯᠡᠭᠦᠯᠬᠦ᠂ ᠬᠢᠴᠢᠶᠡᠯ ᠢᠶᠠᠨ ᠨᠠᠷᠢᠨ ᠬᠢᠨᠠᠮᠠᠭᠠᠢ ᠰᠣᠨᠣᠰᠬᠤ᠂ ᠪᠡᠶ᠎ᠡ ᠪᠠᠨ ᠳᠠᠭᠠᠭᠠᠨ ᠰᠤᠷᠤᠯᠴᠠᠬᠤ ᠪᠠ ᠬᠠᠶᠢᠨ ᠰᠦᠪᠡᠭᠴᠢᠯᠡᠬᠦ ᠲᠠᠯ᠎ᠠ ᠪᠠᠷ ᠢᠳᠡᠪᠬᠢᠳᠡᠢ ᠪᠠᠶᠢᠬᠤ ᠶᠢ ᠢᠯᠡᠬᠦᠬᠡᠨ ᠵᠣᠷᠢᠭᠵᠢᠭᠤᠯᠪᠠᠯ ᠨᠡᠩ ᠠᠰᠢᠭᠳᠠᠢ᠃ ᠬᠡᠦᠬᠡᠳ ᠤᠨ ᠴᠡᠴᠡᠷᠯᠢᠭ ᠲᠤ ᠠᠪᠴᠤ ᠬᠡᠯᠡᠪᠡᠯ᠂ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠠᠵᠢᠯᠯᠠᠭ᠎ᠠ ᠶᠢ ᠪᠠᠭ᠎ᠠ ᠰᠤᠷᠭᠠᠭᠤᠯᠢᠴᠢᠯᠠᠬᠤ ᠠᠴᠠ ᠰᠡᠷᠭᠡᠶᠢᠯᠡᠵᠦ᠂ ᠬᠡᠦᠬᠡᠳ ᠤᠨ ᠪᠣᠳᠠᠲᠠᠢ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠰᠤᠷᠭᠠᠨ ᠬᠥᠮᠥᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ ᠶᠢ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠷᠭ᠎ᠠ ᠮᠠᠶ᠋ᠢᠭ᠂ ᠠᠵᠢᠯᠯᠠᠭᠠᠨ ᠤ ᠠᠷᠭ᠎ᠠ ᠮᠠᠶ᠋ᠢᠭ ᠲᠠᠢ ᠵᠣᠷᠢᠯᠭ᠎ᠠ ᠲᠠᠢ᠂ ᠲᠥᠯᠥᠪᠯᠡᠭᠡ ᠲᠠᠢ ᠪᠠᠷ ᠤᠶᠠᠯᠳᠤᠭᠤᠯᠪᠠᠯ ᠵᠤᠬᠢᠨ᠎ᠠ᠃ ᠪᠠᠭ᠎ᠠ ᠰᠤᠷᠭᠠᠭᠤᠯᠢ ᠳᠤ ᠠᠪᠴᠤ ᠬᠡᠯᠡᠪᠡᠯ᠂ ᠬᠢᠴᠢᠶᠡᠯ ᠲᠦᠷᠦᠯ ᠨᠢᠭᠡᠪᠦᠷᠢ ᠪᠠᠨ ᠡᠬᠢᠨ ᠠᠴᠠ ᠨᠢ ᠨᠠᠷᠢᠨ ᠨᠢᠮᠪᠠᠢ ᠲᠦᠯᠦᠪᠯᠡᠭᠡ ᠲᠠᠢ ᠵᠢᠭᠠᠵᠤ᠂ ᠭᠡᠷ ᠤᠨ ᠠᠬᠠᠮᠠᠳ ᠤᠨ ᠤᠷᠢᠳᠴᠢᠯᠠᠨ ᠰᠤᠷᠭᠠᠬᠤ ᠵᠣᠪᠠᠨᠢᠯ ᠪᠠ ᠡᠷᠡᠭᠡᠯᠵᠡᠭᠡ ᠦᠬᠡᠢ ᠪᠠᠶᠢᠬᠤ ᠶᠢ ᠪᠠᠳᠤᠯᠠᠪᠠᠯ ᠵᠤᠬᠢᠨ᠎ᠠ᠃
ᠢᠷᠡᠯᠲᠡ᠄ ᠣᠷᠳᠣᠰ ᠮᠣᠩᠭᠤᠯ ᠰᠥᠯᠵᠢᠶ᠎ᠡ