ᠬᠢᠶ᠎ᠠ ᠪᠠᠭᠰᠢ ᠲᠣᠭᠤᠷᠢᠭ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠷᠭᠤᠭᠠᠨ ᠲᠦᠮᠡᠨ ᠲᠥᠭᠦᠷᠢᠭ ᠢ ᠳᠠᠪᠠᠵᠠᠢ︕
ᠨᠡᠶᠢᠲᠡᠯᠡᠭᠰᠡᠨ ᠴᠠᠭ᠄
2024/1/23
      2023 ᠣᠨ ᠳᠤ  ᠬᠢᠶ᠎ᠠ ᠪᠠᠭᠰᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠵᠤ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠤ ᠦᠢᠯᠡᠰ ᠲᠦᠷᠭᠡᠨ ᠬᠥᠭᠵᠢᠵᠦ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠣᠷᠳᠣᠰ ᠬᠤᠳᠠ ᠶᠢᠨ ᠪᠠᠶᠢᠴᠠᠭᠠᠯᠲᠠ ᠶᠢᠨ ᠠᠩᠭᠢ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠠᠳ ᠬᠠᠷᠢᠭᠤ ᠲᠤᠰᠬᠠᠭᠰᠠᠨ ᠢᠶᠠᠷ᠂ 2023 ᠣᠨ  ᠤ ᠬᠢᠶ᠎ᠠ ᠪᠠᠭᠰᠢ ᠲᠣᠭᠤᠷᠢᠭ ᠤᠨ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 60952 ᠲᠥᠭᠦᠷᠢᠭ ᠲᠤ ᠬᠦᠷᠴᠦ᠂ ᠨᠡᠷ᠎ᠡ ᠳᠡᠭᠡᠷ᠎ᠡ ᠪᠠᠨ 4.6% ᠨᠡᠮᠡᠭᠳᠡᠵᠡᠢ᠃ ᠣᠷᠣᠯᠭ᠎ᠠ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ ᠵᠢᠷᠭᠤᠭᠠᠨ ᠲᠦᠮᠡᠨ ᠲᠥᠭᠦᠷᠢᠭ ᠢ ᠳᠠᠪᠠᠵᠤ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠬᠤᠶᠠᠷ ᠮᠢᠩᠭ᠎ᠠ ᠭᠠᠷᠤᠢ ᠲᠥᠭᠦᠷᠢᠭ ᠥᠨᠳᠥᠷ ᠪᠣᠯᠵᠤ᠂ ᠪᠥᠬᠦ ᠬᠤᠲᠠ ᠳᠤ ᠬᠤᠶᠠᠳᠤᠭᠠᠷ ᠲᠤ ᠣᠷᠣᠪᠠ᠃        ᠴᠠᠯᠢᠩ ᠤᠨ ᠴᠢᠨᠠᠷᠲᠠᠢ ᠣᠷᠣᠯᠭ᠎ᠠ ᠨᠢ ᠮᠥᠨ ᠯᠡ ᠰᠠᠭᠤᠭᠠᠯᠢ ᠠᠷᠠᠳ ᠤᠨ ᠣᠷᠣᠯᠭ᠎ᠠ ᠶᠢᠨ ᠭᠤᠣᠯ ᠢᠷᠡᠯᠲᠡ ᠪᠣᠯᠣᠭᠰᠠᠭᠠᠷ ᠪᠠᠶᠢᠨ᠎ᠠ᠃ 2023 ᠣᠨ ᠳᠤ ᠮᠠᠨ ᠤ  ᠲᠤᠭᠤᠷᠢᠭ ᠤᠨ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠴᠠᠯᠢᠩ ᠤᠨ ᠴᠢᠨᠠᠷᠲᠠᠢ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠶᠢᠨ ᠡᠵᠡᠯᠡᠬᠦ ᠬᠠᠷᠢᠴᠠᠯ ᠨᠢ ᠲᠣᠰ ᠲᠣᠰ 69.1%᠂ 12.1%᠂ 10.6% ᠪᠠ 8.2% ᠪᠠᠶᠢᠵᠤ᠂ ᠴᠠᠯᠢᠩ ᠤᠨ ᠴᠢᠨᠠᠷᠲᠠᠢ ᠣᠷᠣᠯᠭ᠎ᠠ ᠪᠠᠷ ᠭᠤᠣᠯ ᠪᠣᠯᠭᠠᠵᠤ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠠᠷ ᠬᠠᠪᠰᠤᠷᠤᠮᠵᠢ ᠪᠣᠯᠭᠠᠵᠤ᠂ ᠡᠳ᠋ ᠬᠥᠷᠥᠩᠭᠡ ᠶᠢᠨ ᠴᠢᠨᠠᠷᠲᠠᠢ ᠪᠠ ᠰᠢᠯᠵᠢᠭᠦᠯᠦᠭᠰᠡᠨ ᠴᠢᠨᠠᠷᠲᠠᠢ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠪᠠᠶᠢᠷᠢᠰᠢᠯ ᠢ ᠪᠠᠲᠤᠯᠠᠵᠤ᠂ ᠪᠦᠬᠦᠯᠢ ᠴᠣᠭᠴᠠ ᠶᠢᠨ ᠣᠷᠣᠯᠭ᠎ᠠ ᠶᠢᠨ ᠪᠦᠲᠦᠴᠡ ᠶᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃         2023 ᠣᠨ ᠳᠤ ᠰᠠᠭᠤᠭᠠᠯᠢ ᠠᠷᠠᠳ ᠤᠨ ᠵᠣᠭᠤᠰᠤᠨ ᠴᠦᠩᠬᠦ ᠴᠤᠬᠤᠶᠢᠵᠤ ᠡᠬᠢᠯᠡᠬᠦ  ᠶᠢᠨ ᠵᠡᠷᠭᠡ ᠳᠤ ᠬᠡᠷᠡᠭᠯᠡᠭᠡᠨ ᠤ ᠢᠲᠡᠭᠡᠯ ᠵᠣᠷᠢᠭ ᠪᠣᠯᠣᠨ ᠬᠦᠰᠡᠯ ᠰᠠᠨᠠᠭ᠎ᠠ ᠲᠣᠭᠲᠠᠭᠤᠨ ᠢᠶᠠᠷ ᠨᠡᠮᠡᠭᠳᠡᠵᠦ᠂ ᠬᠡᠷᠡᠭᠯᠡᠭᠡᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ ᠨᠢᠭᠡ ᠳᠤ ᠰᠠᠭᠤᠭᠠᠯᠢ ᠠᠷᠠᠳ ᠤᠨ ᠬᠡᠷᠡᠭᠯᠡᠭᠡᠨ ᠤ ᠵᠠᠷᠤᠯᠭ᠎ᠠ ᠶᠢᠨ ᠨᠡᠮᠡᠭᠳᠡᠯ  ᠨᠢ ᠤᠯᠠᠷᠢᠯ ᠳᠠᠷᠠᠭᠠᠯᠠᠨ ᠨᠡᠮᠡᠭᠳᠡᠬᠦ ᠬᠠᠨᠳᠤᠰᠢ ᠢᠯᠡᠷᠡᠵᠦ᠂ ᠡᠯ᠎ᠡ ᠤᠯᠠᠷᠢᠯ ᠤᠨ ᠨᠡᠶᠢᠲᠡ ᠨᠡᠮᠡᠭᠳᠡᠯ ᠤᠨ ᠬᠤᠷᠳᠤᠴᠠ ᠨᠢ ᠲᠣᠰ ᠲᠣᠰ 12.7%᠂ 17.1%᠂ 19.3%᠂ 23.1% ᠪᠠᠶᠢᠪᠠ᠃ ᠬᠤᠶᠠᠷ ᠲᠤ ᠪᠦᠲᠦᠴᠡ ᠠᠴᠠ ᠨᠢ ᠦᠵᠡᠪᠡᠯ᠂ ᠨᠠᠢᠮᠠᠨ ᠶᠡᠭᠡ ᠲᠦᠷᠦᠯ ᠤᠨ ᠬᠡᠷᠡᠭᠯᠡᠭᠡᠨ ᠤ ᠵᠠᠷᠤᠯᠭ᠎ᠠ ᠪᠦᠬᠦ ᠲᠠᠯ᠎ᠠ ᠪᠠᠷ  ᠨᠡᠮᠡᠭᠳᠡᠯ ᠢᠯᠡᠷᠡᠪᠡ᠃ ᠭᠤᠷᠪᠠ ᠳᠤ ᠢᠳᠡᠭᠡᠨ ᠤ ᠵᠦᠢᠯ ᠤᠨ ᠬᠡᠷᠡᠭᠯᠡᠭᠡᠨ ᠤ ᠵᠠᠷᠤᠯᠭ᠎ᠠ ᠶᠢᠨ ᠬᠤᠪᠢ ᠶᠢᠨ ᠵᠢᠩ ᠨᠡᠯᠢᠶᠡᠳ ᠳᠣᠣᠷ᠎ᠠ ᠪᠠᠶᠢᠵᠤ᠂ 2023 ᠣᠨ ᠳᠤ ᠮᠠᠨ ᠤ  ᠲᠤᠭᠤᠷᠢᠭ ᠤᠨ  ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠢᠳᠡᠭᠡᠨ ᠤ ᠵᠦᠢᠯ ᠠᠷᠢᠬᠢ ᠲᠠᠮᠠᠬᠢᠨ ᠤ ᠬᠡᠷᠡᠭᠯᠡᠭᠡᠨ ᠤ ᠵᠠᠷᠤᠯᠭ᠎ᠠ 9916 ᠲᠥᠭᠦᠷᠢᠭ ᠪᠠᠶᠢᠵᠤ᠂ ᠬᠡᠷᠡᠭᠯᠡᠭᠡᠨ ᠤ ᠵᠠᠷᠤᠯᠭ᠎ᠠ ᠶᠢᠨ 22.4% ᠶᠢ ᠡᠵᠡᠯᠡᠪᠡ᠃  
ᠢᠷᠡᠯᠲᠡ᠄ ᠲᠤᠰ ᠰᠦᠯᠵᠢᠶ᠎ᠡ