ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠳ᠋ᠦ᠋ ᠬᠤᠢ ᠯᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/1/24
     ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃           ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠮᠥᠩᠭᠦᠨ ᠭᠦᠢᠯᠭᠡᠭᠡᠨ ᠤ ᠵᠢᠮ᠎ᠡ ᠶᠣᠰᠣᠨ ᠤ ᠲᠠᠨᠢᠯᠲᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠨᠠᠷᠵᠢᠯ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠵᠢᠷᠭᠤᠭᠠᠨ ᠢᠨᠵᠧᠨᠧᠷᠢᠩ︾ ᠳᠤ ᠭᠦᠨᠵᠡᠭᠡᠢ ᠣᠷᠣᠯᠴᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠬᠤᠯᠪᠣᠭᠳᠠᠯ ᠪᠦᠬᠦᠢ ᠵᠠᠷᠯᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠣᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠶᠠᠪᠤᠭᠳᠠᠭᠤᠯᠵᠤ᠂ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠦᠨᠳᠦ ᠶᠡᠭᠡ ᠣᠨᠴᠠ ᠶᠡᠭᠡ ᠡᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠬᠦ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠶᠠᠪᠤᠴᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠮᠵᠢᠯᠲᠠ ᠶᠢᠨ ᠵᠥᠪ ᠣᠨᠣᠪᠴᠢᠲᠠᠢ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠳᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠷᠦᠯ ᠵᠦᠢᠯ ᠢ ᠲᠥᠯᠥᠪᠵᠢᠭᠦᠯᠬᠦ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ᠂ ᠰᠢᠯᠭᠠᠨ ᠦᠨᠡᠯᠡᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠬᠢ ᠡᠭᠦᠰᠦᠯ ᠠᠴᠠ ᠨᠢ ᠦᠨᠡᠨᠬᠦ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ ᠪᠠᠰᠠ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠵᠡᠷᠭᠡ ᠤᠴᠢᠷ ᠶᠠᠪᠤᠳᠠᠯ ᠢ ᠤᠯᠠᠮᠵᠢᠯᠠᠨ ᠪᠠᠶᠢᠷᠢᠯᠠᠭᠤᠯᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ