ᠳ᠋ᠦ᠋ ᠬᠤᠢ ᠯᠢᠶᠠᠩ ᠪᠦᠯᠭᠦᠮ ᠳᠠᠭᠠᠭᠤᠯᠤᠨ ᠨᠠᠨᠵᠢᠩ ᠬᠤᠲᠠ ᠶᠢᠨ ᠬᠤᠳᠠ ᠶᠢᠨ ᠳᠠᠷᠤᠭ᠎ᠠ ᠴᠧᠨ ᡁᠢ ᠴᠠᠩ ᠲᠠᠢ ᠪᠠᠷᠠᠳᠠᠨ ᠵᠣᠯᠭᠠᠪᠠ
ᠨᠡᠶᠢᠲᠡᠯᠡᠭᠰᠡᠨ ᠴᠠᠭ᠄
2024/11/8
       ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠭᠦᠮ ᠳᠠᠭᠠᠭᠤᠯᠤᠨ ᠨᠠᠨᠵᠢᠩ ᠬᠤᠲᠠ ᠶᠢᠨ ᠬᠤᠳᠠ ᠶᠢᠨ ᠳᠠᠷᠤᠭ᠎ᠠ ᠴᠧᠨ ᡁᠢ ᠴᠠᠩ ᠲᠠᠢ ᠪᠠᠷᠠᠳᠠᠨ ᠵᠣᠯᠭᠠᠭᠰᠠᠨ ᠪᠥᠭᠡᠳ ᠬᠤᠶᠠᠷ ᠬᠤᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
图片新闻.jpg
       ᠳ᠋ᠦ᠋ ᠬᠤᠢ ᠯᠢᠶᠠᠩ ᠨᠠᠨᠵᠢᠩ ᠤᠨ ᠰᠡᠬᠡᠭᠡᠲᠡᠨ ᠵᠠᠯᠠᠭᠤᠴᠤᠳ ᠤᠨ ᠣᠷᠳᠣᠰ ᠲᠤ ᠢᠷᠡᠵᠤ ᠬᠥᠳᠡᠭᠡ ᠪᠠᠭᠤᠵᠤ ᠪᠠᠷᠢᠭᠠᠳᠠ ᠳᠤ ᠪᠠᠭᠤᠭᠰᠠᠨ ᠲᠡᠦᠬᠡ ᠶᠢᠨ ᠰᠠᠶᠢᠬᠠᠨ ᠵᠣᠭᠤᠭ ᠵᠢᠴᠢ ᠬᠤᠶᠠᠷ ᠬᠤᠳᠠ ᠶᠢᠨ ᠨᠥᠭᠦᠷᠰᠡᠭ ᠰᠣᠯᠢᠯᠴᠠᠭᠠᠨ ᠤ ᠥᠩᠭᠡᠷᠡᠯᠲᠡ ᠶᠢ ᠡᠷᠭᠢᠴᠡᠭᠦᠯᠪᠡ᠃ ᠲᠡᠷᠡ᠂ ᠣᠷᠳᠣᠰ ᠪᠣᠯ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠭᠦ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ᠎ᠠ᠃ ᠣᠳᠣᠬᠠᠨ ᠳᠤ᠂ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠡᠨᠧᠷᠭᠢ ᠶᠢ ᠪᠦᠭᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠰᠢᠨ᠎ᠡ ᠠᠵᠤ ᠦᠢᠯᠡᠰ ᠢ ᠬᠥᠭᠵᠢᠭᠦᠯᠦᠨ᠂ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠣᠷᠳᠣᠰ ᠪᠣᠯᠣᠨ ᠨᠠᠨᠵᠢᠩ ᠬᠠᠷᠢᠯᠴᠠᠨ ᠨᠥᠭᠦᠷᠰᠡᠭ ᠬᠤᠳᠠ ᠪᠣᠯᠤᠭᠰᠠᠨ ᠤ ᠬᠤᠪᠢ ᠳᠤ᠂ ᠬᠤᠶᠠᠷ ᠲᠠᠯ᠎ᠠ ᠪᠠᠷ ᠢᠶᠠᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠷᠢᠳᠤᠬᠢ ᠪᠠᠷᠢᠯᠳᠤᠯᠭ᠎ᠠ ᠪᠠᠨ ᠦᠷᠭᠦᠯᠵᠢᠯᠡᠭᠦᠯᠵᠦ᠂ ᠰᠣᠶᠣᠯ ᠤᠨ ᠰᠣᠯᠢᠯᠴᠠᠭ᠎ᠠ᠂ ᠠᠵᠤ ᠦᠢᠯᠡᠰ ᠤᠨ ᠬᠠᠮᠵᠢᠯᠴᠠᠭ᠎ᠠ᠂ ᠰᠢᠨ᠎ᠡ ᠶᠢ ᠡᠭᠦᠳᠬᠦ ᠬᠠᠮᠵᠢᠯᠴᠠᠭ᠎ᠠ᠂ ᠠᠷᠠᠯᠵᠢᠶ᠎ᠠ ᠬᠤᠳᠠᠯᠳᠤᠭ᠎ᠠ ᠶᠢᠨ ᠨᠡᠪᠲᠡᠷᠡᠯᠴᠡᠭᠡ᠂ ᠠᠷᠠᠳ ᠤᠨ ᠠᠮᠢᠳᠤᠷᠠᠯ ᠤᠨ ᠬᠤᠷᠰᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠨ ᠭᠦᠨᠵᠡᠭᠡᠶᠢᠷᠡᠭᠦᠯᠵᠦ᠂ ᠬᠤᠶᠠᠷ ᠬᠤᠳᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ  ᠪᠠᠷ ᠠᠰᠢᠭ ᠭᠦᠷᠳᠡᠭᠦ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃       ᠴᠧᠨ ᡁᠢ ᠴᠠᠩ ᠳ᠋ᠦ᠋ ᠬᠤᠢ ᠯᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠤ ᠬᠠᠮᠲᠤ ᠨᠠᠨᠵᠢᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠣᠷᠳᠣᠰ ᠥᠪᠡᠷᠮᠢᠴᠡ ᠭᠠᠵᠠᠷ ᠵᠦᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠵᠤ᠂ ᠣᠶᠢᠷ᠎ᠠ ᠶᠢᠨ ᠵᠢᠯ ᠤᠳ ᠠᠴᠠ ᠡᠯ᠎ᠡ ᠲᠦᠷᠦᠯ ᠤᠨ ᠠᠵᠢᠯ ᠦᠢᠯᠡᠰ ᠰᠢᠨ᠎ᠡ ᠠᠮᠵᠢᠯᠲᠠ ᠪᠦᠲᠦᠮᠵᠢ ᠣᠯᠣᠭᠰᠠᠨ ᠢ ᠪᠢᠳᠡ ᠶᠡᠬᠡᠳᠡ ᠪᠠᠭ᠋ᠠᠷᠬᠠᠨ ᠪᠢᠰᠢᠷᠡᠵᠦ ᠪᠠᠶᠢᠨ᠎ᠠ᠃ ᠣᠳᠣᠬᠠᠨ ᠳᠤ᠂ ᠨᠠᠨᠵᠢᠩ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠵᠤ ᠪᠤᠢ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠪᠣᠯᠣᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠠᠷᠭ᠎ᠠ ᠲᠤᠷᠰᠢᠯᠭ᠎ᠠ ᠪᠠᠨ ᠬᠠᠮᠲᠤ ᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠬᠠᠮᠲᠤ ᠪᠠᠷ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃       ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠷᠣᠯᠴᠠᠪᠠ᠃
ᠢᠷᠡᠯᠲᠡ᠄ ᠳᠣᠯᠠᠭᠠᠨ ᠮᠡᠳᠡᠭᠡ