ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠱᠧᠨᠵᠧᠨ᠂ ᠳ᠋ᠦᠩ | ᠭᠤᠸᠠᠨ ᠳᠤ ᠬᠦᠷᠴᠦ ᠬᠤᠯᠪᠣᠭᠳᠠᠯ ᠪᠦᠬᠦᠢ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠶᠢᠨ ᠬᠢᠨ ᠲᠠᠢ | ᠪᠠᠷᠠᠳᠠᠨ ᠵᠣᠯᠭᠠᠵᠤ᠂ ᠰᠢᠨᠵᠢᠯᠡᠨ ᠪᠠᠶᠢᠴᠠᠭᠠᠨ ᠰᠣᠷᠣᠯᠴᠠᠵᠤ ᠬᠠᠮᠲᠤᠷᠠᠯᠴᠠᠭ᠎ᠠ ᠬᠢᠬᠦ ᠲᠤᠬᠠᠢ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠷᠣᠯᠴᠠᠪᠠ᠃ | ᠱᠧᠨᠵᠧᠨ ᠬᠤᠲᠠ ᠶᠢᠨ ᠴᠤᠸᠠᠩ ᠰᠢᠨ ᠪᠡᠯᠡ ᠣᠷᠣᠭᠤᠯᠤᠯᠲᠠ ᠶᠢᠨ ᠪᠦᠯᠦᠭᠯᠡᠯ᠂ ᠰᠢᠶᠠᠩᠭᠠᠩ ᠤᠨ ᠬᠢᠲᠠᠳ ᠬᠡᠯᠡᠨ ᠤ ᠶᠡᠭᠡ ᠰᠤᠷᠭᠠᠭᠤᠯᠢ ︵ᠱᠧᠨᠵᠧᠨ︶᠂ | ᠱᠧᠨᠵᠧᠨ ᠤ ᠳ᠋ᠠᠶᠢᠲ᠋ᠠ ᠶᠢᠨ ᠠᠷᠠᠯᠵᠢᠶᠠᠨ ᠤ ᠭᠠᠵᠠᠷ᠂ ᠫᠧᠩ ᠴᠧᠩ ᠲᠤᠷᠰᠢᠯᠲᠠ ᠶᠢᠨ ᠲᠠᠰᠤᠭ ᠲᠤ᠂ ᠳ᠋ᠦ᠋ ᠬᠤᠢ ᠯᠢᠶᠠᠩ ᠠᠵᠤ ᠠᠬᠤᠶᠢᠯᠠᠯ᠂ ᠰᠢᠨᠵᠢᠯᠡᠬᠦ | ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠵᠠᠭᠪᠤᠷ᠂ ᠲᠤᠬᠠᠶᠢᠯᠠᠭᠰᠠᠨ ᠠᠵᠢᠯ ᠤᠨ | ᠥᠷᠨᠢᠭᠦᠯᠦᠯᠲᠡ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢ ᠨᠠᠷᠢᠨ ᠣᠶᠢᠯᠭᠠᠬᠤ ᠶᠢᠨ ᠬᠠᠮᠲᠤ ᠱᠧᠨᠵᠧᠨ ᠬᠤᠲᠠ ᠶᠢᠨ ᠴᠤᠸᠠᠩ ᠰᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠽᠦᠸᠧ ᠳ᠋ᠢᠩ᠂ ᠱᠧᠨᠵᠧᠨ ᠤ ᠳ᠋ᠠᠶᠢᠲ᠋ᠠ ᠶᠢᠨ ᠠᠷᠠᠯᠵᠢᠶᠠᠨ ᠤ ᠭᠠᠵᠠᠷ ᠤᠨ ᠶᠡᠷᠦᠩᠬᠡᠶ | ᠳᠠᠭᠠᠭᠠᠮᠠᠯ ᠬᠥ᠋ ᠯᠢᠶᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠫᠧᠩ ᠴᠧᠩ ᠲᠤᠷᠰᠢᠯᠲᠠ ᠶᠢᠨ ᠲᠠᠰᠤᠭ ᠤᠨ ᠡᠷᠬᠢᠯᠡᠭᠴᠢ | ᠭᠤᠤ ᠸᠧᠨ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ᠂ ᠱᠧᠨᠵᠧᠨ ᠤ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠵᠠᠬ᠎ᠠ | ᠳᠡᠯᠭᠡᠭᠦᠷᠴᠢᠯᠡᠭᠰᠡᠨ ᠰᠡᠳᠬᠢᠴᠡ ᠪᠠᠷ ᠥᠭᠡᠷᠡᠴᠢᠯᠡᠯᠲᠡ ᠶᠢ ᠠᠳᠬᠤᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠬᠥᠭᠵᠢᠯᠲᠡ ᠶᠢ ᠠᠬᠢᠭᠤᠯᠵᠤ᠂ ᠰᠠᠭᠤᠷᠢ ᠮᠥᠩᠭᠦ᠂ | ᠰᠢᠨᠵᠢᠯᠡᠬᠦ ᠤᠬᠠᠭᠠᠨ ᠮᠡᠷᠭᠡᠵᠢᠯ᠂ ᠲᠣᠭᠠᠵᠢᠭᠤᠯᠤᠯᠲᠠ ᠣᠶᠤᠨᠴᠢᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠬᠤ ᠶᠢ ᠴᠢᠨᠠᠭᠰᠢᠳᠠ | ᠴᠢᠩᠭᠠᠳᠬᠠᠬᠤ ᠬᠡᠷᠡᠭᠲᠡᠢ᠃ ᠡᠯ᠎ᠡ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠲᠠᠢ ᠰᠠᠭᠤᠷᠢ ᠮᠥᠩᠭᠦ ᠪᠠᠶᠢᠭᠤᠯᠬᠤ᠂ | ᠲᠠᠪᠴᠠᠩ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ᠂ ᠲᠦᠷᠢᠮ ᠤᠨ ᠪᠠᠶᠢᠭᠤᠯᠤᠯᠲᠠ᠂ ᠳ᠋ᠠᠶᠢᠲ᠋ᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠪᠣᠬᠢᠷᠲᠤᠯ ᠥᠬᠡᠶ ᠴᠠᠬᠢᠯᠭᠠᠨ ᠣᠶᠤᠨᠴᠢ ᠪᠤᠳᠤᠯᠭ᠎ᠠ ᠶᠢ ᠵᠣᠬᠢᠴᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠷᠭ᠎ᠠ ᠵᠠᠮ᠂ ᠰᠢᠨ᠎ᠡ ᠵᠠᠭᠪᠤᠷ ᠢ ᠬᠠᠮᠲᠤᠪᠠᠷ ᠰᠦᠪᠡᠭᠴᠢᠯᠡᠬᠦ ᠶᠢ ᠬᠦᠰᠡᠵᠦ | ᠪᠠᠶᠢᠨ᠎ᠠ ᠭᠡᠪᠡ᠃ | ᠳ᠋ᠠ ᠵᠢᠶᠠᠩ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠧ ᠯᠢᠨ ᠮᠧᠶ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ᠂ ᠯᠢ ᠰᠢᠶᠦ᠋ᠨ ᠨᠠᠷᠢᠯᠢᠭ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠰᠢᠨ ᠸᠠᠩ ᠳ᠋ᠠ ᠡᠯᠧᠺᠲᠷᠣᠨ ᠤ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠳ᠋ᠦ᠋ ᠬᠤᠢ ᠯᠢᠶᠠᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠰᠤᠳᠤᠯᠤᠨ | ᠨᠡᠭᠡᠭᠡᠯᠲᠡ᠂ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠸᠠ ᠸᠧᠢ ᠺᠣᠮᠫᠠᠨᠢ ᠶᠢᠨ ᠳᠡᠳ᠋ ᠶᠡᠷᠦᠩᠬᠡᠢ | ᠵᠠᠬᠢᠷᠤᠯ᠂ ᠴᠢᠯᠠᠭᠤᠨ ᠲᠤᠰᠤ ᠰᠢᠲᠠᠮᠠᠬᠠᠢ ᠬᠡᠢ ᠠᠭᠤᠷᠬᠠᠢ ᠶᠢᠨ ᠨᠢᠭᠡᠳᠬᠡᠯ ᠠᠷᠮᠢ ᠶᠢᠨ CEO ᠬᠠᠨ ᠱᠦᠸᠧ᠂ ᠰᠢᠶᠠᠩᠭᠠᠩ ᠤᠨ ᠲᠦᠩ ᠯᠦᠸᠧ ᠸᠠᠨ | ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠴᠧᠨ ᡁᠢ ᠨᠠᠷ ᠲᠠᠢ ᠠᠭᠤᠯᠵᠠᠵᠤ ᠰᠠᠨᠠᠯ ᠢᠶᠠᠨ ᠰᠣᠯᠢᠯᠴᠠᠪᠠ᠃ ᠲᠡᠷᠡ᠂ ᠡᠯ᠎ᠡ ᠠᠵᠤ | ᠠᠬᠤᠶᠢᠯᠠᠯ ᠤᠨ ᠬᠢᠨ ᠤᠷᠳᠤᠰ ᠲᠤ ᠦᠷᠭᠦᠯᠵᠢᠯᠡᠨ ᠠᠩᠬᠠᠷᠤᠯ ᠢᠶᠠᠨ ᠬᠠᠨᠳᠤᠭᠤᠯᠤᠨ᠂ ᠤᠷᠳᠤᠰ ᠲᠤ ᠪᠡᠯᠡ ᠣᠷᠣᠭᠤᠯᠵᠤ᠂ ᠤᠳᠤ ᠪᠠᠶᠢᠭ᠎ᠠ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠬᠦᠷᠢᠶ᠎ᠡ ᠴᠠᠷᠠᠭᠠᠨ ᠳᠤ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠨᠡᠩ | ᠥᠨᠳᠥᠷ ᠲᠦᠪᠰᠢᠨ ᠪᠦᠬᠦᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠳ᠋ᠦ᠋ ᠬᠤᠢ ᠯᠢᠶᠠᠩ ᠪᠠᠰᠠ ᠣᠷᠳᠣᠰ ︵ᠱᠧᠨᠵᠧᠨ︶ ᠤᠨ ᠴᠢᠳᠠᠪᠤᠷᠢᠲᠠᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠦᠷᠴᠦ᠂ ᠲᠥᠪ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠭᠤᠷᠢᠰᠢᠭᠰᠠᠨ ᠠᠵᠤ ᠠᠬᠤᠶᠢᠯᠠᠯ | ᠂ ᠶᠡᠭᠡ ᠳᠡᠭᠡᠳᠦ ᠰᠤᠷᠭᠠᠭᠤᠯᠢ ᠶᠢᠨ ᠪᠦᠯᠬᠦᠮ ᠨᠡᠶᠢᠲᠡ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ ᠪᠠᠶᠢᠳᠠᠯ ᠢ | ᠣᠶᠢᠯᠠᠭᠠᠪᠠ᠃ ᠲᠡᠷᠡ᠂ ᠬᠦᠴᠦᠨ ᠢᠶᠠᠨ ᠲᠥᠪᠯᠡᠷᠡᠭᠦᠯᠦᠨ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠥᠨᠳᠥᠷ ᠲᠦᠪᠰᠢᠨ ᠪᠦᠬᠦᠢ | ᠣᠷᠣᠨ ᠠᠯᠤᠰᠯᠠᠭᠰᠠᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠠᠵᠠᠷ ᠢ ᠴᠣᠭᠴᠠᠯᠠᠵᠤ᠂ ᠮᠠᠨ ᠤ ᠬᠤᠳᠠ ᠶᠢᠨ ᠬᠠᠷᠢᠴᠠᠩᠭᠤᠢ | ᠳᠠᠪᠠᠭᠤᠯᠢᠭ ᠲᠠᠭᠠᠨ ᠭᠦᠢᠴᠡᠳ ᠲᠦᠰᠢᠭᠯᠡᠵᠦ᠂ ᠶᠡᠭᠡ ᠪᠤᠯᠤᠩ ᠤᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠡᠭᠡ ᠳᠡᠭᠡᠳᠦ | ᠰᠤᠷᠭᠠᠭᠤᠯᠢ ᠪᠣᠯᠤᠨ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ ᠬᠠᠮᠵᠢᠯᠴᠠᠨ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ | ᠨᠡᠩ ᠤᠯᠠᠨ ᠠᠵᠤ ᠦᠢᠯᠡᠰ᠂ ᠴᠢᠳᠠᠪᠤᠷᠢᠲᠠᠨ᠂ ᠲᠦᠷᠦᠯ ᠵᠦᠢᠯ ᠢ ᠤᠷᠳᠤᠰ ᠲᠤ ᠨᠤᠲᠤᠭᠰᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃ | | | | | | | | | | | | | | | | | | | | | | | | | | | | |