ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/1
      1 ᠰᠠᠷ᠎ᠠ ᠶᠢᠨ 22 ᠤᠨ ᠡᠳᠦᠷ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠤᠯᠴᠠᠵᠤ ᠵᠢᠭᠠᠨ ᠵᠢᠯᠣᠭᠤᠳᠪᠠ᠃             ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠢ ᠬᠤᠷᠠᠯ ᠠᠴᠠ ᠡᠮᠦᠨ᠎ᠡ ᠬᠠᠮᠲᠤ ᠶᠢᠨ ᠰᠤᠷᠤᠯᠴᠠᠯᠭ᠎ᠠ᠂ ᠰᠡᠳᠬᠢᠯ ᠤᠨ ᠦᠭᠡ ᠪᠠᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂ ᠲᠣᠪᠣᠶᠢᠮ᠎ᠠ ᠠᠰᠠᠭᠤᠳᠠᠯ ᠢ ᠪᠠᠶᠢᠴᠠᠭᠠᠨ ᠵᠢᠭᠰᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠭᠦᠢᠴᠡᠳ ᠪᠡᠯᠡᠳᠬᠡᠯ ᠬᠢᠪᠡ᠃ ᠬᠤᠷᠠᠯ ᠳᠡᠭᠡᠷ᠎ᠡ᠂ ᠵᠠᠩ ᠵᠦᠩ ᠫᠢᠩ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠭᠰᠡᠨ ᠪᠥᠭᠡᠳ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠲᠡᠰ ᠳᠠᠷᠠᠭᠠᠯᠠᠨ ᠬᠤᠪᠢ ᠬᠥᠮᠥᠨ ᠤ ᠬᠠᠷᠭᠤᠭᠤᠯᠤᠭᠰᠠᠨ ᠪᠠᠶᠢᠴᠠᠭᠠᠯᠲᠠ ᠬᠢᠬᠦ ᠶᠢᠨ ᠬᠠᠮᠲᠤ  ᠰᠢᠭᠦᠮᠵᠢᠯᠡᠬᠦ ᠰᠠᠨᠠᠯ ᠳᠤᠷᠠᠳᠴᠠᠢ᠃             ᠵᠠᠩ ᠵᠦᠩ ᠫᠢᠩ ᠴᠢᠬᠤᠯᠠᠴᠢᠯᠠᠭᠰᠠᠨ ᠨᠢ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠤᠨᠤᠯ ᠢᠶᠠᠷ,ᠵᠡᠪᠰᠡᠭᠯᠡᠬᠦ ᠶᠢ ᠴᠢᠩᠭᠠᠳᠬᠠᠨ᠂ ᠢᠲᠡᠭᠡᠯ ᠪᠢᠰᠢᠷᠡᠯ ᠤᠨ ᠰᠠᠭᠤᠷᠢ ᠪᠠᠨ ᠦᠨᠡᠨ ᠬᠦ ᠪᠠᠬᠢᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠬᠦ ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠨᠢᠭᠡ ᠪᠦᠯᠦᠭ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠪᠣᠯᠣᠨ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠡᠯ᠎ᠡ  ᠲᠥᠷᠦᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠲᠥᠪ ᠴᠢᠬᠡᠴᠢ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠢ ᠪᠤᠢ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠨᠠᠷᠢᠨ ᠬᠢᠨᠠᠮᠠᠭᠠᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠪᠡ᠃ 
ᠢᠷᠡᠯᠲᠡ᠄ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ