ᠮᠠᠨ ᠤ ᠣᠷᠣᠨ ︽ᠠᠷᠭ᠎ᠠ︾ ᠨᠡᠶᠢᠲᠡᠯᠡᠵᠦ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠳᠠᠷᠠᠭ᠎ᠠ ᠲᠥᠪᠬᠢᠨᠡᠭᠦᠯᠬᠦ ᠠᠵᠢᠯ ᠢ ᠳᠦᠷᠢᠮᠵᠢᠭᠦᠯᠪᠡ
ᠨᠡᠶᠢᠲᠡᠯᠡᠭᠰᠡᠨ ᠴᠠᠭ᠄
2024/2/1
     ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠬᠢ ᠲᠡᠵᠢᠭᠡᠵᠦ ᠪᠠᠶᠢᠭ᠎ᠠ ᠥᠨᠥᠴᠢᠨ ᠬᠡᠦᠬᠡᠳ ᠤᠨ ᠨᠠᠰᠤᠨ ᠳᠤ ᠬᠦᠷᠦᠭᠰᠡᠨ ᠤ ᠳᠠᠷᠠᠭᠠᠬᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠨᠡᠶᠢᠭᠡᠮ ᠯᠦᠭᠡ ᠠᠭᠤᠰᠤᠯᠴᠠᠬᠤ ᠪᠠ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠤᠨ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ︽ᠰᠤᠪᠢᠯᠠᠯᠲᠠ᠂ ᠵᠠᠰᠠᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠠᠶᠤᠯ ᠦᠭᠡᠢ᠂ ᠨᠡᠶᠢᠭᠡᠮ ᠤᠨ ᠠᠵᠢᠯ︾ ᠢ ᠨᠢᠭᠡ ᠴᠣᠭᠴᠠᠵᠢᠭᠤᠯᠤᠨ ᠴᠢᠨᠠᠷ ᠰᠠᠶᠢᠲᠠᠢ ᠬᠥᠭᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 11 ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠲᠠᠷᠠᠭ᠎ᠠ ᠲᠥᠪᠬᠢᠨᠡᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃         ︽ᠠᠷᠭ᠎ᠠ︾ ᠳᠤ᠄ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠨ ᠥᠨᠥᠴᠢᠨ ᠬᠡᠦᠬᠡᠳ ᠨᠠᠰᠤᠨ ᠳᠤ ᠭᠦᠷᠦᠭᠰᠡᠨ ᠤ ᠳᠠᠷᠠᠭ᠎ᠠ ᠨᠡᠶᠢᠭᠡᠮ ᠤᠨ ᠠᠵᠢᠯ ᠪᠠ ᠠᠮᠢᠳᠤᠷᠠᠯ ᠳᠤ ᠣᠷᠣᠬᠤ ᠴᠢᠳᠠᠪᠤᠷᠢ ᠲᠠᠢ ᠪᠣᠯ ᠨᠡᠶᠢᠭᠡᠮᠴᠢᠯᠡᠨ ᠲᠥᠪᠬᠢᠨᠡᠭᠦᠯᠦᠨ᠎ᠡ᠃ ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠪᠡᠯ᠂ ︽ ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠠᠰᠠᠷᠠᠨ ᠲᠡᠵᠢᠭᠡᠬᠦ ᠲᠤᠰᠠᠯᠠᠮᠵᠢ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠪᠥᠭᠡᠳ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠬᠦᠰᠡᠯ ᠲᠠᠢ ᠪᠣᠯ ᠵᠣᠬᠢᠬᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤ ᠨᠢ ᠲᠣᠬᠢᠷᠠᠭᠤᠯᠤᠨ᠎ᠠ ᠭᠡᠵᠦ ᠲᠣᠭᠲᠠᠭᠠᠪᠠ᠃     ︽ᠠᠷᠭ᠎ᠠ︾ ᠳᠤ᠄ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠪᠠ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮᠴᠢᠯᠡᠨ ᠲᠥᠪᠬᠢᠨᠡᠭᠦᠯᠦᠭᠰᠡᠨ ᠨᠠᠰᠤᠨ ᠳᠤ ᠬᠦᠷᠦᠭᠰᠡᠨ ᠥᠨᠥᠴᠢᠨ ᠬᠡᠦᠬᠡᠳ ᠲᠤ ᠨᠡᠶᠢᠭᠡᠮᠴᠢᠯᠡᠨ ᠲᠥᠪᠬᠢᠨᠡᠭᠦᠯᠬᠦ ᠨᠥᠬᠦᠪᠦᠷᠢ ᠶᠢ ᠨᠢᠭᠡ ᠯᠨ ᠤᠳᠠᠭ᠎ᠠ ᠪᠠᠷ ᠣᠯᠭᠤᠨ᠎ᠠ᠂ ᠪᠣᠳᠠᠲᠠᠢ ᠪᠠᠷᠢᠮᠵᠢᠶ᠎ᠠ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠰᠤᠳᠤᠯᠤᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤ ᠨᠢ ᠲᠣᠬᠢᠷᠠᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠥᠮᠥᠨ ᠪᠦᠷᠢ ᠳᠤ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ ᠭᠡᠵᠦ ᠲᠣᠭᠲᠠᠭᠠᠵᠠᠢ᠃         ︽ᠠᠷᠭ᠎ᠠ︾ ᠳᠤ ᠪᠠᠰᠠ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮᠴᠢᠯᠡᠭᠰᠡᠨ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠨᠠᠰᠤᠨ ᠳᠤ ᠬᠦᠷᠦᠭᠰᠡᠨ ᠥᠨᠥᠴᠢᠨ ᠬᠡᠦᠬᠡᠳ ᠲᠤ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠪᠠ ᠵᠣᠬᠢᠶᠠᠨ ᠪᠠᠶᠢᠭᠤᠯᠤᠯᠲᠠ ᠶᠢᠨ ᠬᠢᠨ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠵᠢᠯ ᠣᠯᠭᠤᠬᠤ᠂ ᠣᠷᠣᠨ ᠰᠠᠭᠤᠴᠠ᠂ ᠡᠷᠦᠬᠡ ᠠᠮᠠ ᠣᠷᠣᠭᠤᠯᠬᠤ᠂ ᠨᠡᠶᠢᠭᠡᠮ ᠤᠨ ᠳᠠᠭᠠᠳᠬᠠᠯ ᠪᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠡᠷᠬᠡ ᠠᠰᠢᠭ ᠢ ᠪᠠᠲᠤᠯᠠᠬᠤ ᠵᠡᠷᠭᠡ ᠲᠠᠯ᠎ᠠ ᠪᠠᠷ ᠨᠡᠶᠢᠭᠡᠮᠴᠢᠯᠡᠨ ᠲᠥᠪᠬᠢᠨᠡᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠵᠦ᠂ ᠲᠡᠳᠡᠨ ᠢ ᠬᠠᠪᠰᠤᠷᠤᠨ ᠨᠡᠶᠢᠭᠡᠮ ᠳᠤ ᠤᠷᠤᠭᠰᠢᠲᠠᠢ ᠠᠭᠤᠰᠤᠯᠴᠠᠭᠤᠯᠬᠤ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ