ᠲᠤᠭᠤᠷᠢᠭ ᠤᠨ ᠵᠠᠰᠠᠭ ᠤᠨ ᠣᠷᠳᠣᠨ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/19
     2  ᠳ᠋ᠤᠭᠠᠷ ᠰᠠᠷ᠎ᠠ ᠶᠢᠨ 18 ᠤ ᠡᠳᠦᠷ᠂  ᠲᠤᠭᠤᠷᠢᠭ ᠤᠨ ᠵᠠᠰᠠᠭ ᠤᠨ ᠣᠷᠳᠣᠨ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠪᠡ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠠᠷᠳᠠᠬᠤ ᠴᠡᠭ ᠢᠶᠠᠨ ᠣᠨᠣᠪᠴᠢᠲᠠᠢ ᠣᠯᠵᠤ᠂ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠨᠠᠭᠰᠢᠳᠠ ᠭᠦᠨᠵᠡᠭᠡᠶᠢᠷᠡᠭᠦᠯᠵᠦ ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ ︽ᠲᠠᠪᠤᠨ ᠦᠷᠭᠦᠯᠵᠢᠯᠡᠯ︾ ᠳᠡᠭᠡᠷ᠎ᠡ ᠨᠢᠭᠡᠳᠦᠯᠲᠡᠢ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠡᠮᠬᠢᠯᠡᠵᠦ᠂ ᠰᠢᠯᠢᠳᠡᠭ ᠲᠤᠷᠰᠢᠯᠭ᠎ᠠ  ᠬᠢᠬᠦ ᠠᠷᠭ᠎ᠠ  ᠶᠢ ᠳ᠋ᠦᠩᠨᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠢᠯᠡᠳᠲᠡ ᠦᠷ᠎ᠡ ᠪᠦᠲᠦᠮᠵᠢ ᠪᠠᠷ ︽ᠬᠤᠶᠠᠷ ᠶᠡᠭᠡ ᠶᠠᠪᠤᠳᠠᠯ ︾  ᠤᠨ ᠰᠢᠨ᠎ᠡ ᠨᠡᠩ ᠶᠡᠭᠡ ᠦᠷ᠎ᠡ ᠪᠦᠲᠦᠭᠡᠯ ᠣᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠢᠶ᠎ᠠ ᠪᠠᠭᠰᠢ  ᠶᠢᠨ ︽ᠳᠠᠪᠠᠭᠤᠯᠢᠭ ᠢᠶᠠᠨ ᠪᠠᠳᠠᠷᠠᠭᠤᠯᠵᠤ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠣᠨᠴᠠᠯᠢᠭ ᠢᠶᠠᠨ ᠡᠭᠦᠳᠬᠦ︾ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠴᠢᠬᠤᠯᠠᠴᠢᠯᠠᠪᠠ᠃     ᠬᠤᠷᠠᠯ ᠠᠴᠠ ︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠬᠢᠨᠠᠨ ᠵᠥᠪᠯᠡᠬᠦ ᠨᠣᠣᠷᠠᠭ︶ ᠢ ᠰᠤᠳᠤᠯᠤᠨ ᠬᠢᠨᠠᠨ ᠵᠥᠪᠯᠡᠪᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠲᠠ ᠶᠢᠨ 2024 ᠣᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠢᠩᠭᠡᠬᠡᠨ ᠠᠪᠴᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠢᠭᠲᠠᠷᠠᠭᠤᠯᠤᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠢᠯᠡᠳᠬᠡᠯ︾  ᠤᠨ ᠪᠦᠲᠦᠴᠡ ᠶᠢ ᠨᠡᠩ ᠵᠦᠢ ᠵᠣᠬᠢᠰᠲᠠᠢ᠂ ᠭᠤᠣᠯᠳᠠᠯᠭ᠎ᠠ ᠶᠢ ᠨᠡᠩ ᠲᠤᠪᠤᠶᠢᠯᠭᠠᠵᠦ᠂ ᠠᠭᠤᠯᠭ᠎ᠠ ᠶᠢ ᠨᠡᠩ ᠪᠠᠶᠠᠯᠢᠭ᠂ ᠢᠯᠡᠳᠬᠡᠯᠲᠡ ᠶᠢ ᠨᠡᠩ ᠣᠨᠣᠪᠴᠢᠲᠠᠢ ᠪᠣᠯᠭᠠᠵᠤ᠂ ᠬᠢᠶ᠎ᠠ ᠪᠠᠭᠰᠢ  ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠴᠢᠨᠠᠷ ᠰᠠᠶᠢᠲᠠᠢ ᠮᠡᠳᠡᠭᠦᠯᠦᠯᠲᠡ ᠪᠣᠯᠭᠠᠨ᠎ᠠ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠭᠤᠣᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠭᠦᠯᠦᠯᠲᠡ᠂ ᠠᠶᠤᠯᠭᠦᠢ ᠦᠢᠯᠡᠳᠪᠦᠷᠢᠯᠡᠯ ᠤᠨ ᠠᠵᠢᠯ ᠵᠡᠷᠭᠡ ᠵᠦᠢᠯᠡᠰ ᠢ ᠰᠤᠳᠤᠯᠵᠠᠢ᠃
ᠢᠷᠡᠯᠲᠡ᠄ ᠲᠤᠰ ᠰᠦᠯᠵᠢᠶ᠎ᠡ