ᠬᠢᠶ᠎ᠠ ᠪᠠᠭᠰᠢ ᠲᠣᠭᠤᠷᠢᠭ ᠤᠨ 2023 ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2024/2/19
      2023 ᠣᠨ ᠳᠤ ᠬᠢᠶ᠎ᠠ ᠪᠠᠭᠰᠢ ᠲᠣᠭᠤᠷᠢᠭ ᠭᠤᠣᠯᠳᠠᠯᠭ᠎ᠠ ᠪᠠᠨ ᠳᠣᠪᠤᠶᠢᠯᠭᠠᠨ᠂ ᠵᠠᠩᠭᠢᠯᠠᠭ᠎ᠠ ᠪᠠᠨ ᠡᠵᠡᠮᠳᠡᠵᠦ᠂ ᠠᠵᠤ ᠠᠬᠤᠶ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ 0.5 ᠵᠠᠭᠤᠨ ᠤ ᠨᠢᠭᠡᠴᠢ ᠥᠨᠳᠥᠷ ᠪᠣᠯᠪᠠ᠃       ᠪᠦᠬᠦ ᠵᠢᠯ ᠤᠨ ᠡᠯ᠎ᠡ ᠰᠠᠷ᠎ᠠ ᠳᠤ ᠴᠥᠮ ᠨᠡᠯᠢᠶᠡᠳ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃       2023 ᠣᠨ ᠤ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠠᠴᠠ ᠦᠵᠡᠪᠡᠯ᠂ ᠡᠯ᠎ᠡ ᠰᠠᠷ᠎ᠠ ᠶᠢᠨ ᠨᠡᠮᠡᠭᠳᠡᠯ ᠤᠨ ᠬᠤᠷᠳᠤᠴᠠ ᠴᠥᠮ ᠬᠤᠶᠠᠷ ᠣᠷᠣᠨᠲᠤ ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠠᠲᠤᠯᠠᠵᠤ᠂ ᠨᠡᠮᠡᠭᠳᠡᠯ ᠤᠨ ᠬᠠᠨᠳᠤᠰᠢ ᠨᠡᠯᠢᠶᠡᠳ ᠲᠦᠷᠭᠡᠨ ᠪᠠᠶᠢᠨ᠎ᠠ᠃       ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠨᠢ ᠭᠦᠢᠴᠡᠳ᠃       ᠪᠥᠬᠦ ᠵᠢᠯ ᠳᠤ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ 20 ᠲᠥᠷᠥᠯ ᠵᠦᠢᠯ ᠠᠴᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠢ 15 ᠪᠠᠶᠢᠵᠤ᠂ ᠬᠤᠪᠢ ᠨᠡᠮᠡᠷᠢ ᠶᠢᠨ ᠨᠣᠷᠮ᠎ᠠ ᠨᠢ 20% ᠳᠤ ᠬᠦᠷᠴᠦ᠂ ᠬᠤᠪᠢ ᠨᠡᠮᠡᠷᠢ ᠶᠢᠨ ᠨᠣᠷᠮ᠎ᠠ ᠨᠢ ᠲᠣᠪᠤᠶᠢᠮ᠎ᠠ ᠪᠠᠶᠢᠨ᠎ᠠ᠃       ᠲᠤᠮᠤ ᠲᠦᠷᠦᠯ ᠵᠦᠢᠯ ᠤᠨ ᠪᠡᠯᠡ ᠣᠷᠤᠭᠤᠯᠤᠯᠲᠠ ᠶᠢᠨ ᠦᠢᠯᠡᠳᠦᠯ ᠨᠢ ᠢᠯᠡᠷᠬᠡᠢ᠃       2023 ᠣᠨ ᠳᠤ ᠮᠠᠨ ᠤ ᠲᠣᠭᠤᠷᠢᠭ 49 ᠶᠡᠷᠦᠩᠬᠡᠶ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠪᠠᠶᠢᠵᠤ᠂ ᠪᠦᠬᠦ ᠲᠣᠷᠦᠯ ᠵᠦᠢᠯ ᠤᠨ ᠪᠠᠷᠤᠭ 65% ᠶᠢ ᠡᠵᠡᠯᠡᠨ᠂ ᠪᠦᠬᠦ ᠲᠣᠭᠲᠠᠮᠠᠯ ᠬᠥᠷᠥᠩᠭᠡ ᠳᠠᠬᠢ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 95% ᠳᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25.6 ᠵᠠᠭᠤᠨ ᠤ ᠨᠢᠭᠡᠴᠢ ᠳᠠᠶᠢᠴᠢᠯᠠᠨ᠂ ᠲᠤᠯᠭᠠᠭᠤᠷᠢᠯᠠᠬᠤ ᠦᠢᠯᠡᠳᠦᠯ ᠨᠢ ᠢᠯᠡᠳᠲᠡ ᠪᠣᠯᠪᠠ᠃       ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠲᠡᠭᠦᠯᠳᠡᠷ᠃       2023 ᠣᠨ ᠳᠤ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.5% ᠪᠠᠷ ᠨᠡᠮᠡᠭᠳᠡᠵᠦ᠂ ᠪᠦᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠤᠨ 93.8% ᠳᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 43.32 ᠵᠠᠭᠤᠨ ᠤ ᠴᠡᠭ ᠳᠠᠶᠢᠴᠢᠯᠠᠵᠤ᠂ ᠠᠷᠠᠳ ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢᠶᠠᠨ ᠦᠷᠭᠦᠯᠵᠢᠯᠡᠨ ᠨᠡᠮᠡᠭᠳᠡᠭᠦᠯᠪᠡ᠃        ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠪᠣᠳᠠᠲᠤ ᠦᠷ᠎ᠡ ᠪᠦᠲᠦᠮᠵᠢ ᠣᠯᠪᠠ᠃       2023 ᠣᠨ ᠳᠤ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 45.1% ᠪᠠᠷ ᠨᠡᠮᠡᠭᠳᠡᠵᠦ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 54.6% ᠪᠠᠷ ᠨᠡᠮᠡᠭᠳᠡᠨ᠂ ᠰᠤᠷᠭᠠᠨ ᠬᠥᠮᠦᠵᠢᠯ ᠤᠨ ᠬᠦᠷᠢᠶᠡᠨ ᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 555% ᠪᠠᠷ ᠨᠡᠮᠡᠭᠳᠡᠵᠦ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠰᠠᠶᠢᠨ ᠦᠷ᠎ᠡ ᠪᠦᠲᠦᠮᠵᠢ ᠤᠯᠪᠠ᠃ 
ᠢᠷᠡᠯᠲᠡ᠄ ᠲᠣᠰ ᠰᠥᠯᠵᠢᠶ᠎ᠡ