ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/20
         2 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠬᠤᠷᠠᠯ ᠢ ᠡᠷᠭᠢᠯᠡᠪᠡ᠃         ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠢᠶᠠᠨᠵᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠰᠠᠶᠢᠲᠤᠷ ᠣᠶᠢᠯᠠᠭᠠᠵᠤ᠂ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠲᠠᠪᠣᠷᠢᠵᠢᠭᠤᠯᠣᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠲᠦᠰᠦᠪᠯᠡᠨ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠪᠠᠶᠠᠷ ᠪᠠᠶᠠᠰᠬᠤᠯᠠᠩᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠤᠯᠠᠮ ᠴᠢᠨᠠᠭᠰᠢᠳᠠ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠦᠨ᠂ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 1 ᠰᠠᠷ᠎ᠠ ᠶᠢᠨ 4 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃         ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠣᠨ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠣᠭᠤᠰᠢᠯᠠᠭᠤᠯᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ︽ᠵᠢᠷᠭᠤᠭᠠᠨ ᠶᠡᠭᠡ ᠭᠤᠣᠯᠳᠠᠯᠭ᠎ᠠ ᠲᠠᠢ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ︽ᠵᠢᠷᠭᠤᠭ᠎ᠠ ᠶᠢ ᠤᠷᠢᠳᠠᠪᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ︾ ᠶᠢ ᠡᠷᠡᠰ  ᠪᠡᠶᠡᠯᠡᠭᠦᠯᠦᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠭᠠᠯ ᠤᠨᠲᠠᠷᠠᠭᠠᠬᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠤᠨ ᠠᠮᠤᠷ ᠲᠦᠪᠰᠢᠨ᠂ ᠴᠢᠬᠤᠯᠠ ᠵᠠᠩᠭᠢᠯᠠᠭ᠎ᠠ ᠶᠢᠨ ᠴᠡᠭ ᠤᠨ ᠠᠮᠤᠷ ᠢ ᠬᠠᠮᠠᠭᠠᠯᠠᠬᠤ ᠵᠡᠷᠭᠡ ᠠᠵᠢᠯ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠦᠷᠨᠢᠭᠦᠯᠦᠨ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠣᠯᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠲᠣᠰ ᠰᠥᠯᠵᠢᠶ᠎ᠡ