ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠵᠤ᠂ ᠳ᠋ᠦ᠋ ᠬᠤᠢ ᠯᠢᠶᠠᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/2/27
      2 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ︾ ᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃            ᠬᠤᠷᠠᠯ ᠠᠴᠠ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠲᠣᠭᠲᠠᠭᠠᠨ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠦᠷᠢᠮ︾ ᠢ ᠰᠤᠷᠤᠯᠴᠠᠨ  ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠦᠷᠦᠭᠦᠯᠡᠨ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ᠂ ᠭᠤᠣᠯ ᠤᠷᠤᠰᠬᠠᠯ ᠤᠨ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃             ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ︾ ᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ᠂ ᠵᠢᠱᠢᠶᠡᠴᠢ ᠪᠠᠷ ᠵᠢᠷᠤᠮᠯᠠᠨ ᠬᠡᠷᠡᠭᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠳᠦᠷᠢᠮ ᠪᠣᠯᠣᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠰᠦᠯᠵᠢᠶ᠎ᠡ ᠶᠢ ᠬᠡᠷᠡᠭᠯᠡᠬᠦ ᠰᠣᠨᠣᠷ ᠰᠡᠷᠡᠮᠵᠢ ᠪᠠᠨ ᠴᠠᠭ ᠢᠮᠠᠭᠲᠠ ᠪᠠᠲᠤᠯᠠᠵᠤ᠂ ᠬᠠᠮᠢᠭ᠎ᠠ ᠴᠦ ᠭᠡᠰᠡᠨ ᠰᠦᠯᠵᠢᠶᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠵᠤ᠂ ᠺᠠᠳ᠋ᠷ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠳᠠᠮᠵᠢᠭᠤᠯᠭ᠎ᠠ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠪᠣᠯᠪᠠᠰᠤᠨ ᠬᠠᠤᠯᠢᠵᠢᠯ᠂ ᠡᠷᠡᠭᠦᠯ ᠡᠮᠬᠢ ᠳᠢᠭᠯᠢᠮ ᠲᠠᠢ ᠰᠦᠯᠵᠢᠶᠡᠨ ᠤ ᠣᠷᠴᠢᠨ ᠢ ᠬᠦᠴᠦ ᠪᠠᠨ ᠬᠠᠮᠲᠤᠳᠬᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ