ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠵᠢᠶᠠ ᠷᠦᠢ ᠶᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/2/28
01.jpg
         ᠰᠤᠷᠪᠤᠯᠵᠢᠯᠠᠭᠴᠢ᠄ ᠵᠢᠶᠠ ᠷᠦᠢ ᠭᠡᠰᠢᠭᠦᠨ᠂ ᠲᠠ ᠰᠠᠶᠢᠨ ᠤᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠪᠣᠯᠤᠭᠰᠠᠨ ᠤ ᠬᠤᠪᠢ ᠳᠤ ᠂ ᠲᠠ  ᠬᠢᠶ᠎ᠠ ᠪᠠᠭᠰᠢ  ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠰᠠᠨᠠᠭᠤᠯᠭ᠎ᠠ ᠭᠠᠷᠤᠭᠰᠠᠨ ᠪᠤᠢ︖           ᠵᠢᠶᠠ ᠷᠦᠢ ᠭᠡᠰᠢᠭᠦᠨ᠄ ᠣᠶᠢᠷ᠎ᠠ ᠶᠢᠨ ᠬᠤᠶᠠᠷ ᠵᠢᠯ ᠳᠤ ᠬᠢᠶ᠎ᠡ ᠪᠠᠭᠰᠢ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠨᠢ ᠤᠯᠠᠮ ᠠᠴᠠ ᠤᠯᠠᠮ ᠰᠠᠶᠢᠨ ᠪᠣᠯᠵᠠᠢ᠃ ᠮᠢᠨᠦ ᠰᠠᠨᠠᠭᠤᠯᠭ᠎ᠠ ᠪᠣᠯ ᠬᠤᠶᠢᠰᠢᠳᠠ ᠳᠣᠣᠷᠠᠬᠢ ᠬᠡᠳᠦᠨ ᠲᠠᠯ᠎ᠠ ᠠᠴᠠ ᠦᠷᠭᠦᠯᠵᠢᠯᠡᠨ ᠴᠢᠩᠭᠠᠳᠬᠠᠬᠤ ᠭᠡᠷᠡᠭᠲᠡᠢ᠄ ᠨᠢᠭᠡ ᠳᠤ᠂ ᠵᠠᠰᠠᠭ ᠪᠠ ᠠᠵᠤ ᠠᠬᠤᠶᠢᠯᠠᠯ ᠢ ᠵᠣᠯᠭᠠᠭᠤᠯᠬᠤ ᠠᠷᠭ᠎ᠠ ᠵᠠᠮ ᠢ ᠴᠢᠩᠭᠠᠳᠬᠠᠬᠤ ᠳᠤ᠂ ᠤᠳᠤᠷᠢᠳᠤᠯᠭ᠎ᠠ ᠠᠵᠤ ᠠᠬᠤᠶᠢᠯᠠᠯ ᠲᠠᠢ ᠬᠠᠷᠢᠯᠴᠠᠬᠤ ᠲᠣᠭᠲᠠᠴᠠ ᠶᠢ ᠳᠡᠰ ᠳᠠᠪᠬᠤᠷᠭ᠎ᠠ ᠬᠤᠪᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ ᠬᠦᠷᠴᠦ ᠠᠵᠢᠯᠯᠠᠬᠤ ᠶᠢ ᠵᠢᠯᠣᠭᠤᠳᠣᠨ᠂ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ  ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠲᠠᠯ᠎ᠠ ᠪᠠᠷ ᠬᠠᠮᠢᠶ᠎ᠠ ᠪᠦᠬᠦᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠠᠯᠠᠨ᠂ ᠭᠠᠵᠠᠷ ᠬᠡᠷᠡᠭᠯᠡᠬᠦ᠂ ᠭᠠᠶᠢᠯᠢ ᠲᠠᠲᠠᠪᠤᠷᠢ᠂ ᠴᠢᠳᠠᠪᠤᠷᠢᠲᠠᠨ᠂ ᠮᠡᠷᠭᠡᠵᠢᠯ ᠵᠡᠷᠭᠡ ᠠᠷᠪᠢᠨ ᠲᠠᠯ᠎ᠠ ᠪᠠᠷ ᠠᠵᠤ ᠠᠬᠤᠶᠢᠯᠠᠯ ᠢ ᠲᠡᠳᠬᠦᠨ ᠳᠡᠮᠵᠢᠬᠦ ᠬᠡᠷᠡᠭᠲᠡᠢ᠃ ᠭᠤᠷᠪᠠ ᠳᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ  ᠳᠤ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠴᠢᠬᠤᠯᠠᠲᠠᠢ ᠪᠠᠶᠢᠨ᠎ᠠ᠃ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠶᠢ ᠴᠢᠩᠭ᠎ᠠ ᠬᠤᠷᠢᠭᠯᠠᠨ᠂ ᠳᠠᠬᠢᠨ ᠳᠠᠪᠲᠠᠨ ᠬᠠᠤᠯᠢ ᠬᠡᠷᠡᠭᠵᠢᠭᠦᠯᠦᠭᠡᠳ ᠠᠵᠤ ᠠᠬᠤᠶᠢᠯᠠᠯ ᠳᠤ  ᠬᠠᠷᠰᠢᠯᠡᠯ ᠦᠵᠡᠭᠦᠯᠬᠦ ᠶᠢ ᠪᠠᠭᠠᠰᠬᠠᠨ᠎ᠠ᠃ 
ᠢᠷᠡᠯᠲᠡ᠄ ᠲᠣᠰ ᠰᠥᠯᠵᠢᠶ᠎ᠡ