ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠶᠧ ᠾᠧ ᠨᠠ ᠯᠠ ᠬᠤᠩ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/2/28
02.jpg
       ᠰᠤᠷᠪᠤᠯᠵᠢᠯᠠᠭᠴᠢ᠄ ᠶᠧ ᠾᠧ ᠨᠠ ᠯᠠ ᠬᠤᠩ ᠭᠡᠰᠢᠭᠦᠨ᠂  ᠰᠣᠶᠣᠯ ᠤᠷᠠᠯᠢᠭ ᠤᠨ ᠠᠵᠢᠯᠯᠠᠭᠴᠢ  ᠪᠣᠯᠣᠭᠰᠠᠨ ᠤ ᠬᠤᠪᠢ ᠳᠤ᠂ ᠲᠠ  ᠬᠢᠶ᠎ᠠ  ᠪᠠᠭᠰᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ ᠲᠤᠬᠠᠢ ᠶᠠᠮᠠᠷ ᠰᠠᠨᠠᠭᠤᠯᠭ᠎ᠠ ᠪᠠᠶᠢᠨ᠎ᠠ︖       ᠶᠧ ᠾᠧ ᠨᠠ ᠯᠠ ᠬᠤᠩ ᠭᠡᠰᠢᠭᠦᠨ᠄ ᠪᠣᠳᠠᠰ ᠤᠨ ᠪᠤᠰᠤ ᠰᠣᠶᠣᠯ ᠤᠨ ᠥᠪ ᠪᠣᠯ ᠲᠡᠦᠬᠡ ᠶᠢᠨ ᠬᠥᠭᠵᠢᠯᠲᠡ ᠶᠢᠨ ᠭᠡᠷᠡᠴᠢᠯᠡᠯ ᠪᠣᠯᠬᠤ ᠪᠥᠭᠡᠳ ᠪᠠᠰᠠ ᠴᠢᠬᠤᠯᠠ ᠰᠣᠶᠣᠯ ᠤᠨ ᠡᠬᠢ ᠪᠠᠶᠠᠯᠢᠭ ᠪᠣᠯᠤᠨ᠎ᠠ᠃ ᠡᠶᠢᠮᠦ ᠠᠴᠠ ᠮᠢᠨᠤ ᠰᠠᠨᠠᠭᠤᠯᠭ᠎ᠠ ᠪᠣᠯ ᠨᠢᠭᠡ ᠳᠤ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃  ᠬᠤᠶᠠᠷ ᠲᠤ ᠂ ᠴᠢᠬᠤᠯᠠ ᠪᠦᠬᠦᠢ ᠲᠠᠯᠠᠪᠤᠷ ᠭᠠᠵᠠᠷ ᠪᠠ ᠲᠠᠪᠴᠠᠩ ᠤᠨ ᠳᠡᠮᠵᠢᠯᠭᠡ ᠬᠠᠩᠭᠠᠨ᠎ᠠ᠃ ᠲᠣᠭᠯᠠᠯᠲᠠ ᠶᠢᠨ ᠰᠢᠨᠵᠢ ᠴᠢᠨᠠᠷ ᠲᠠᠢ ᠤᠯᠠᠮᠵᠢᠯᠠᠯᠲᠤ ᠭᠠᠷ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠺᠢᠨᠣ᠋ ᠳᠠᠭᠤ᠂ ᠸᠢᠳᠢᠤ᠋ ᠵᠡᠷᠭᠡ ᠬᠡᠯᠪᠡᠷᠢ ᠪᠠᠷ ᠲᠥᠪᠯᠡᠷᠡᠭᠦᠯᠦᠨ ᠬᠥᠳᠡᠯᠦᠩᠭᠦᠢ ᠪᠠᠷ ᠳᠡᠯᠭᠡᠨ ᠦᠵᠡᠭᠦᠯᠵᠦ ᠂ ᠨᠡᠩ ᠣᠯᠠᠨ ᠬᠥᠮᠦᠰ ᠲᠤ ᠤᠯᠠᠮ ᠰᠠᠶᠢᠨ ᠣᠶᠢᠯᠠᠭᠠᠭᠤᠯᠤᠨ᠎ᠠ᠃ ᠡᠭᠦᠨ  ᠤ ᠭᠠᠳᠠᠨ᠎ᠠ᠂ ᠬᠠᠮᠤᠭ ᠤᠨ ᠴᠢᠬᠤᠯᠠ ᠨᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠭᠡᠷᠡᠭᠲᠡᠢ᠂ ᠡᠨᠡ  ᠪᠣᠯ ᠤᠯᠠᠮᠵᠢᠯᠠᠨ ᠬᠥᠭᠵᠢᠭᠦᠯᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠷᠭ᠎ᠠ ᠪᠠᠷᠢᠯ ᠮᠥᠨ᠃ ᠪᠣᠳᠠᠰ ᠤᠨ ᠪᠤᠰᠤ ᠰᠣᠶᠣᠯ ᠤᠨ ᠥᠪ ᠢ ᠬᠢᠴᠢᠶᠡᠯ ᠤᠨ ᠲᠠᠩᠬᠢᠮ ᠳᠤ ᠣᠷᠣᠭᠤᠯᠵᠤ᠂ ᠬᠤᠶᠢᠴᠢ ᠦᠶ᠎ᠡ ᠶᠢᠨ ᠬᠢᠨ ᠳᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠣᠶᠢᠯᠠᠭᠤᠯᠣᠨ᠂  ᠰᠠᠨᠠᠭᠠᠴᠢᠯᠠᠭ᠎ᠠ ᠠᠴᠠ ᠪᠠᠨ ᠤᠯᠠᠮᠵᠢᠯᠠᠨ ᠵᠠᠯᠭᠠᠮᠵᠢᠯᠠᠭᠤᠯᠤᠨ᠎ᠠ᠂ ᠡᠨᠡ ᠪᠣᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠩ ᠥᠨᠳᠥᠷ ᠪᠦᠲᠦᠮᠵᠢᠲᠡᠢ᠂ ᠠᠯᠤᠰ ᠬᠡᠳᠦ ᠶᠢᠨ ᠠᠷᠭ᠎ᠠ ᠪᠣᠳᠣᠯᠭ᠎ᠠ ᠪᠣᠯᠤᠨ᠎ᠠ᠃ 
ᠢᠷᠡᠯᠲᠡ᠄ ᠲᠣᠰ ᠰᠥᠯᠵᠢᠶ᠎ᠡ