ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠸᠠᠩ ᠶᠤᠸᠠᠨ ᠶᠤᠸᠠᠨ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/2/28
03.jpg
         ᠰᠤᠷᠪᠤᠯᠵᠢᠯᠠᠭᠴᠢ᠄ ᠰᠣᠨᠣᠰᠤᠯᠲᠠ ᠪᠠᠷ ᠬᠢᠶ᠎ᠠ ᠪᠠᠭᠰᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠬᠤᠲᠠ ᠶᠢ ᠳᠤᠯᠠᠭᠠᠴᠠᠭᠤᠯᠤᠨ ᠵᠥᠪᠳᠡᠯᠴᠡᠬᠦ  ︾ ᠠᠵᠢᠯ ᠥᠷᠨᠢᠭᠦᠯᠦᠭᠰᠡᠨ ᠭᠡᠨ᠎ᠡ᠂ ᠦᠨᠳᠦᠰᠦᠨ ᠱᠠᠲᠤᠨ ᠠᠴᠠ ᠢᠷᠡᠭᠰᠡᠨ ᠭᠡᠰᠢᠭᠦᠨ ᠪᠣᠯᠤᠭᠰᠠᠨ ᠤ ᠬᠤᠪᠢ ᠳᠤ᠂ ᠲᠠᠨ ᠤ ᠪᠠᠶᠢᠭ᠎ᠠ ᠵᠡᠭᠡᠯᠢ ᠭᠤᠳᠤᠮᠵᠢ ᠳᠤ ᠡᠨᠡ ᠲᠠᠯ᠎ᠠ ᠪᠠᠷ ᠶᠠᠮᠠᠷ ᠰᠦᠪᠡᠭᠴᠢᠯᠡᠯᠲᠡ ᠬᠢᠭᠰᠡᠨ ᠪᠤᠢ︖ ᠶᠠᠮᠠᠷ ᠦᠷ᠎ᠡ ᠪᠦᠲᠦᠮᠵᠢ ᠣᠯᠣᠭᠰᠠᠨ ᠪᠤᠢ︖          ᠸᠠᠩ ᠶᠤᠸᠠᠨ ᠶᠤᠸᠠᠨ ᠭᠡᠰᠢᠭᠦᠨ᠄ ᠦᠨᠳᠦᠰᠦᠨ ᠱᠠᠲᠤᠨ  ᠠᠴᠠ ᠢᠷᠡᠭᠰᠡᠨ ᠭᠡᠰᠢᠭᠦᠨ ᠪᠣᠯᠤᠭᠰᠠᠨ ᠤ ᠬᠤᠪᠢ ᠳᠤ᠂  ᠪᠢ ᠬᠤᠪᠢ ᠬᠥᠮᠥᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠭᠠᠳᠠᠨ᠎ᠠ᠂ ᠨᠠᠩ ᠣᠯᠠᠨ ᠭᠡᠰᠢᠭᠦᠨ ᠤ ᠦᠨᠳᠦᠰᠦᠨ ᠱᠠᠲᠤᠨ ᠳᠤ ᠭᠦᠨᠵᠡᠭᠡᠶᠢᠷᠡᠭᠦ ᠳᠤ ᠡᠳᠦᠢ ᠲᠡᠳᠦᠢ ᠠᠵᠢᠯ ᠪᠠ ᠬᠠᠶᠢᠨ ᠰᠦᠪᠡᠭᠴᠢᠯᠡᠯᠲᠡ ᠬᠢᠭᠰᠡᠨ ᠪᠠᠶᠢᠨ᠎ᠠ᠃ ᠵᠢᠱᠢᠶᠡᠯᠡᠪᠡᠯ᠂ ᠳᠦᠷᠪᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠬᠠᠷᠢᠯᠴᠠᠬᠤ ᠴᠡᠭ ᠂ ᠡᠲᠡᠭᠡᠳ ᠤᠨ ᠢᠯᠭᠠᠯ ᠢᠶᠠᠷ ᠬᠤᠶᠠᠷ ︽ᠭᠡᠰᠢᠭᠦᠳ ᠤᠨ ᠠᠵᠢᠯᠯᠠᠬᠤ ᠭᠡᠷ︾᠂ ᠳᠦᠷᠪᠡᠨ ︽ᠭᠡᠰᠢᠭᠦᠳ ᠤᠨ ᠨᠣᠮ ᠤᠨ ᠦᠷᠦᠭᠡ︾ ᠪᠠᠶᠢᠭᠤᠯᠪᠠ᠃ ︽ᠬᠤᠲᠠ ᠶᠢ ᠳᠤᠯᠠᠭᠠᠴᠠᠭᠤᠯᠤᠨ ᠵᠥᠪᠳᠡᠯᠴᠡᠬᠦ ︾ ᠠᠵᠢᠯ ᠤᠨ ᠳᠤᠮᠳᠠ᠂ ᠮᠠᠨ ᠤ ᠵᠡᠭᠡᠯᠢ ᠭᠤᠳᠤᠮᠵᠢ ᠶᠢᠨ 50 ᠭᠡᠰᠢᠭᠦᠨ ᠪᠦᠬᠦᠨ ᠢᠶᠠᠷ ᠢᠶᠠᠨ ᠰᠠᠭᠤᠭᠠᠯᠢ ᠠᠷᠠᠳ ᠤᠨ ᠳᠡᠷᠭᠡᠳᠡ ᠪᠠᠭᠤᠵᠤ ᠢᠷᠡᠭᠰᠡᠨ ᠬᠠᠮᠤᠭ ᠤᠨ ᠪᠠᠭ᠎ᠠ ᠨᠢᠭᠡᠴᠡ ᠶᠢᠨ ᠬᠤᠪᠢ ᠪᠠᠷ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠪᠡ᠃ ᠨᠢᠳᠤᠨᠤᠨ ︽ᠪᠢᠴᠢᠯ ᠵᠥᠪᠳᠡᠯᠴᠡᠭᠡᠨ︾᠂ ︽ᠪᠢᠴᠢᠯ ᠰᠠᠨᠠᠭᠤᠯᠭ᠎ᠠ︾ ᠪᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠨᠠᠰᠤᠲᠠᠶᠢᠴᠤᠳ ᠤᠨ ᠬᠠᠷᠢᠯᠴᠠᠨ ᠬᠠᠪᠰᠤᠷᠤᠯᠴᠠᠬᠤ ᠬᠤᠭᠤᠯᠠᠨ ᠬᠡᠷ᠂ ᠵᠠᠯᠠᠭᠤᠴᠤᠳ ᠪᠠᠭᠠᠴᠤᠳ ᠤᠨ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠵᠡᠷᠭᠡ 53 ᠪᠠᠴᠢᠮ ᠪᠡᠷᠬᠡ ᠵᠣᠪᠠᠨᠢᠯ ᠲᠠᠢ ᠠᠰᠠᠭᠤᠳᠠᠯ ᠢ ᠰᠢᠢᠳᠪᠦᠷᠢᠯᠡᠪᠡ᠃       ᠪᠢᠳᠡ ᠦᠷᠭᠦᠯᠵᠢᠯᠡᠨ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠶᠢ ᠨᠢᠭᠡᠳᠦᠭᠡᠷ ᠹᠷᠣᠨᠲ ᠲᠡᠶᠢᠰᠢ ᠤᠷᠲᠤᠳᠬᠠᠬᠤ ᠶᠢ ᠠᠬᠢᠭᠤᠯᠵᠤ᠂ ︽ᠬᠤᠲᠠ ᠶᠢ ᠳᠤᠯᠠᠭᠠᠴᠠᠭᠤᠯᠤᠨ ᠵᠥᠪᠳᠡᠯᠴᠡᠬᠦ︾ ᠶᠢ ᠨᠠᠩ ᠬᠠᠯᠠᠭᠤᠨ ᠳᠤᠯᠠᠭᠠᠨ ᠪᠣᠯᠭᠠᠨ᠎ᠠ ᠭᠡᠳᠡᠭ ᠢ ᠪᠢ ᠢᠲᠡᠭᠡᠵᠦ ᠪᠠᠶᠢᠨ᠎ᠠ᠃
ᠢᠷᠡᠯᠲᠡ᠄ ᠲᠣᠰ ᠰᠥᠯᠵᠢᠶ᠎ᠡ