ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ  ᠤᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/2/29
640 (1).jpg
      2 ᠳ᠋ᠤᠭᠠᠷ ᠰᠠᠷ᠎ᠠ ᠶᠢᠨ 28 ᠤ ᠡᠳᠦᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠣᠷᠳᠣᠰ ᠤᠨ ᠣᠯᠠᠨ ᠤᠯᠤᠰ ᠤᠨ  ᠬᠠᠮ ᠦᠵᠡᠰᠬᠦᠯᠡᠩ ᠤᠨ ᠲᠥᠪ ᠲᠤ ᠡᠬᠢᠯᠡᠪᠡ᠃ ᠬᠢᠶ᠎ᠠ ᠪᠠᠭᠰᠢ ᠲᠤᠭᠤᠷᠢᠭ ᠤᠨ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠡᠷᠴᠢ ᠲᠡᠭᠦᠯᠳᠡᠷ ᠢᠶᠠᠷ ᠴᠤᠭᠯᠠᠷᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠭᠠᠵᠠᠷ ᠣᠷᠣᠨ ᠤ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ  ᠰᠦᠪᠡᠭᠴᠢᠯᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂  ᠭᠦᠢᠴᠡᠳᠬᠡᠬᠦ ᠲᠡᠷᠢᠭᠦᠯᠡᠭᠴᠢ ᠵᠧᠨ ᠬᠤᠸᠠ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂  ᠬᠦᠢᠴᠡᠳᠬᠡᠬᠦ ᠲᠡᠷᠢᠭᠦᠯᠡᠭᠴᠢ ᠯᠢᠦ ᠵᠢᠶᠦ᠋ᠨ ᠵᠢᠶᠧ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠬᠦ ᠲᠡᠷᠢᠭᠦᠯᠡᠭᠴᠢ ᠮᠠᠤ ᠶᠧᠦ ᠭᠠᠩ᠂  ᠠᠷᠢᠭᠤᠨᠭᠤᠸ᠎ᠠ᠂ ᠸᠠᠩ ᠬᠤᠸᠠ ᠫᠢᠩ᠂  ᠬᠦᠢᠴᠡᠳᠬᠡᠬᠦ  ᠲᠡᠷᠢᠭᠦᠯᠡᠭᠴᠢ ᠶᠠᠩ ᠴᠦᠨ ᠸᠧᠨ᠂ ᠶᠠᠩ ᠢ ᠷᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠸᠠᠩ ᠰᠢᠤᠸᠠᠢ  ᠹᠧᠩ᠂  ᠠᠯᠳ᠋ᠬᠠᠤᠷᠬᠢᠯ ᠵᠡᠷᠭᠡ ᠲᠣᠭᠤᠷᠢᠭ ᠤᠨ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
640.jpg
      ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 145 ᠬᠥᠮᠥᠨ᠂ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 127 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃
640 (2).jpg
      ᠦᠳᠡ ᠶᠢᠨ ᠡᠮᠦᠨᠡᠬᠢ 9 ᠴᠠᠭ ᠲᠤ᠂ ᠯᠢᠦ ᠵᠢᠶᠦ᠋ᠨ ᠵᠢᠶᠧ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠳᠠᠭᠤᠤ  ᠬᠥᠭᠵᠢᠮᠳᠡᠨ ᠳᠠᠭᠤᠯᠠᠪᠠ᠃
640 (3).jpg 
     ᠸᠠᠩ ᠰᠢᠤᠸᠠᠢ ᠹᠧᠩ  ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ  ᠨᠡᠶᠢᠳᠡ ᠭᠤᠷᠪᠠᠨ ᠬᠡᠰᠡᠭ ᠢᠶᠠᠷ ᠪᠦᠷᠢᠯᠳᠦᠵᠡᠢ᠄ 2023 ᠣᠨ ᠤ ᠠᠵᠢᠯ ᠤᠨ ᠡᠷᠭᠢᠴᠡᠭᠦᠯᠦᠯ  ᠂ 2024 ᠣᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ  ᠪᠦᠬᠦ ᠲᠠᠯ᠎ᠠ ᠪᠠᠷ ᠴᠢᠩᠭᠠᠳᠬᠠᠨ᠎ᠠ᠃
640 (4).jpg
640 (5).jpg
640 (6).jpg
640 (7).jpg
640 (8).jpg
640 (9).jpg
640 (10).jpg
640 (11).jpg
640 (12).jpg
 
ᠢᠷᠡᠯᠲᠡ᠄ ᠲᠤᠰ ᠰᠦᠯᠵᠢᠶ᠎ᠡ