ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠶᠢᠨ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
         ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠧᠨ ᠬᠤᠸᠠ᠂ ᠸᠠᠩ ᠰᠢᠤᠸᠠᠢ ᠹᠧᠩ᠂ ᠯᠢᠦ ᠵᠢᠶᠦ᠋ᠨ ᠵᠢᠶᠧ᠂ ᠠᠯᠳ᠋ᠬᠠᠤᠷᠬᠢᠯ ᠡᠯ᠎ᠡ ᠵᠡᠭᠡᠯᠢ ᠭᠤᠳᠤᠮᠵᠢ ᠳᠤ ᠬᠦᠷᠴᠦ᠂ ᠬᠦᠴᠢᠷᠳᠡᠯᠲᠡᠶ ᠣᠯᠠᠨ ᠲᠦᠮᠡᠨ᠂ ᠨᠢᠭᠡᠳᠦᠭᠡᠷ ᠹᠷᠣᠨᠲ ᠤᠨ ᠺᠠᠳ᠋ᠷ ᠠᠵᠢᠯᠲᠠᠨ᠂ ᠠᠬᠠᠮᠠᠳ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠪᠥᠬᠦ ᠲᠣᠭᠤᠷᠢᠭ ᠤᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
未标题-1.jpg
        ᠬᠦᠷᠦᠭᠰᠡᠨ ᠭᠠᠵᠠᠷ ᠪᠣᠯᠭᠠᠨ ᠳᠤ᠂ ᠲᠣᠭᠤᠷᠢᠭ ᠤᠨ ᠤᠳᠤᠷᠢᠳᠤᠯᠭ᠎ᠠ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠨ᠂ ᠬᠠᠯᠠᠭᠤᠨ ᠳᠤᠯᠠᠭᠠᠨ ᠢ ᠨᠢ ᠠᠰᠠᠭᠤᠵᠤ᠂ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ᠂ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠢᠶ᠎ᠠ ᠪᠠᠭᠰᠢ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠤᠯᠠᠨ ᠤ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠣᠨ᠂ ᠲᠡᠳᠡᠨ ᠤ ᠤᠷᠳᠤ ᠬᠤᠭᠤᠴᠠᠭᠠᠨ ᠤ ᠲᠤᠷᠰᠢ ᠭᠠᠵᠠᠷ ᠣᠷᠣᠨ ᠤ ᠬᠥᠭᠵᠢᠯᠲᠡ ᠳᠤ ᠦᠵᠡᠭᠦᠯᠦᠭᠰᠡᠨ ᠯᠤᠲᠤ ᠶᠡᠭᠡ ᠬᠤᠪᠢ ᠨᠡᠮᠡᠷᠢ ᠪᠠ ᠬᠦᠴᠦ ᠬᠥᠳᠡᠯᠮᠦᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃
王.jpg
        ᠬᠦᠴᠢᠷᠳᠡᠯᠲᠡᠶ ᠣᠯᠠᠨ ᠲᠦᠮᠡᠨ᠂ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠦᠶ᠎ᠡ ᠳᠤ᠂ ᠲᠤᠭᠤᠷᠢᠭ ᠤᠨ ᠤᠳᠤᠷᠢᠳᠤᠯᠭ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠤᠳᠤᠷᠢᠳᠬᠤ ᠺᠠᠳ᠋ᠷᠴᠤᠳ ᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠲᠣᠭᠤᠰᠢᠯᠠᠭᠤᠯᠵᠣ᠂ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ ᠪᠠᠷ ᠤᠯᠠᠨ ᠲᠦᠮᠡᠨ ᠤ ᠬᠦᠴᠢᠷ ᠵᠣᠪᠠᠭᠤᠷᠢ ᠶᠢ ᠬᠠᠯᠠᠮᠵᠢᠯᠠᠨ᠂ ᠪᠣᠳᠠᠲᠠᠢ ᠠᠰᠠᠭᠤᠳᠠᠯ ᠢ ᠪᠡᠶ᠎ᠡ ᠪᠠᠷ ᠢᠶᠠᠨ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠨᠠᠮ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠲᠠᠪᠣᠷᠢᠵᠢᠭᠤᠯᠣᠨ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠵᠦ᠂ ᠤᠯᠠᠨ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠵᠣᠯ ᠵᠢᠷᠭᠠᠯ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
刘俊吉.jpg
        ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠳᠠᠭᠠᠨ᠂ ᠲᠣᠭᠤᠷᠢᠭ ᠤᠨ ᠤᠳᠤᠷᠢᠳᠤᠯᠭ᠎ᠠ ᠠᠴᠠ ᠠᠬᠠᠮᠠᠳ ᠨᠠᠮ ᠤᠨ ᠭᠡᠰᠢᠭᠦᠨ ᠪᠣᠯ ᠭᠠᠵᠠᠷ ᠣᠷᠣᠨ ᠤ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠦᠭᠴᠢ᠂ ᠭᠡᠷᠡᠴᠢᠯᠡᠭᠴᠢ᠂ ᠪᠦᠲᠦᠭᠡᠨ ᠪᠠᠶᠢᠭᠤᠯᠤᠭᠴᠢ ᠮᠥᠨ᠂ ᠲᠡᠳᠡᠨ ᠤ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠣᠷᠠᠳᠣᠨ᠂ ᠬᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠦᠷᠭᠦᠯᠵᠢᠯᠡᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
阿.jpg
        ᠡᠮᠦᠨ᠎ᠡ ᠹᠷᠣᠨᠲ ᠤᠨ ᠠᠵᠢᠯᠳᠠᠨ ᠠᠵᠢᠯᠲᠠᠨ ᠢ ᠲᠣᠬᠤᠨᠢᠭᠤᠯᠬᠤ ᠳᠠᠭᠠᠨ᠂ ᠲᠣᠭᠤᠷᠢᠭ ᠤᠨ ᠤᠳᠤᠷᠢᠳᠤᠯᠭ᠎ᠠ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠨ᠂ ᠤᠯᠠᠨ ᠤ ᠬᠤᠳᠠ ᠶᠢᠨ ᠬᠠᠩᠭᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠨᠡᠶᠢᠭᠡᠮ ᠤᠨ ᠲᠣᠭᠲᠠᠭᠤᠨ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠰᠢᠨ᠎ᠡ ᠨᠢᠭᠡ ᠵᠢᠯ ᠳᠤ᠂ ᠥᠷᠭᠡᠨ ᠤᠯᠠᠨ ᠨᠢᠭᠡᠳᠦᠭᠡᠷ ᠹᠷᠣᠨᠲ ᠤᠨ ᠺᠠᠳ᠋ᠷ ᠠᠵᠢᠯᠳᠠᠨ ᠦᠷᠭᠦᠯᠵᠢᠯᠡᠨ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠪᠠᠲᠣᠯᠠᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠲᠣᠭᠤᠷᠢᠭ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢ ᠪᠦᠳᠦᠭᠡᠨ ᠪᠠᠶᠢᠭᠤᠯᠬᠤ ᠵᠢᠱᠢᠶ᠎ᠡ ᠦᠵᠡᠭᠦᠯᠬᠦ ᠣᠷᠣᠨ ᠢ ᠵᠣᠷᠢᠭᠲᠠᠢ ᠪᠠᠷ ᠪᠦᠳᠦᠭᠡᠨ ᠪᠠᠶᠢᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠬᠤᠯᠪᠣᠭᠳᠠᠯ ᠪᠥᠬᠦᠶ ᠨᠢᠭᠡᠴᠡ ᠳᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠠᠵᠢᠯᠲᠠᠨ ᠢ ᠠᠵᠢᠯᠯᠠᠵᠤ ᠠᠮᠠᠷᠠᠭᠤᠯᠬᠤ ᠶᠢ ᠣᠶᠠᠯᠳᠣᠭᠤᠯᠣᠨ᠂ ᠪᠠᠶᠠᠷ ᠬᠥᠷ ᠲᠠᠢ ᠰᠢᠨᠡᠯᠡᠭᠦᠯᠬᠦ ᠬᠡᠷᠡᠭᠲᠡᠶ ᠭᠡᠵᠦ ᠵᠠᠬᠢᠪᠠ᠃ 
ᠢᠷᠡᠯᠲᠡ᠄ ᠲᠣᠰ ᠰᠥᠯᠵᠢᠶ᠎ᠡ