ᠰᠤᠷᠭᠠᠨ ᠬᠥᠮᠦᠵᠢᠯ ᠤᠨ ᠶᠠᠮᠤᠨ᠄ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾ ᠪᠠᠶᠢᠬᠤ ᠶᠠᠪᠤᠳᠠᠯ ᠢ ᠴᠢᠩᠭ᠎ᠠ ᠬᠤᠷᠢᠬᠯᠠᠬᠤ ᠭᠡᠷᠡᠭᠳᠡᠢ ᠭᠡᠵᠦ ᠮᠡᠳᠡᠭᠳᠡᠯ ᠪᠠᠭᠤᠯᠭᠠᠪᠠ︕
ᠨᠡᠶᠢᠲᠡᠯᠡᠭᠰᠡᠨ ᠴᠠᠭ᠄
2024/2/5
        ᠣᠶᠢᠷ᠎ᠠ ᠳᠤ᠂  ᠰᠤᠷᠭᠠᠨ  ᠬᠥᠮᠦᠵᠢᠯ ᠤᠨ  ᠶᠠᠮᠤᠨ  2024  ᠣᠨ ᠤ  ᠶᠠᠮᠤᠨ ᠤ  ᠬᠠᠷᠢᠶ᠎ᠠ  ᠪᠠᠭᠰᠢ ᠶᠢᠨ  ᠶᠡᠭᠡ‌‍ᠰᠤᠷᠭᠠᠭᠤᠯᠢ ᠶᠢᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠪᠠᠭᠤᠯᠭᠠᠵᠤ᠂  ᠡᠯ᠎ᠡ  ᠮᠤᠵᠢ ᠶᠢᠨ  ᠱᠠᠲᠤᠨ ᠤ  ᠰᠤᠷᠭᠠᠨ  ᠬᠥᠮᠦᠵᠢᠯ ᠤᠨ  ᠵᠠᠰᠠᠭ‌ᠵᠠᠬᠢᠷᠭᠠᠨ ᠤ ᠰᠠᠯᠠᠭ᠎ᠠ ᠮᠥᠴᠢᠷ ᠢ ᠠᠵᠢᠯ ᠣᠯᠭᠤᠬᠤ ᠨᠥᠬᠦᠴᠡᠯ ᠳᠤ ᠨᠡᠶᠢᠴᠡᠬᠦ  ᠠᠯᠪᠠᠨ ᠤ  ᠰᠦᠢᠳᠭᠡᠯ  ᠢᠶᠠᠷ  ᠰᠤᠷᠤᠯᠴᠠᠬᠰᠠᠨ‌‍ᠪᠠᠭᠰᠢ ᠶᠢᠨ ᠮᠡᠷᠭᠡᠵᠢᠯ ᠤᠨ ᠤᠶᠤᠲᠠᠳ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠵᠤ᠂ ᠪᠦᠬᠦᠳᠡ ᠶᠢ ᠰᠤᠷᠭᠠᠭᠤᠯᠢ ᠳᠤ ᠪᠠᠭᠰᠢᠯᠠᠭᠤᠯᠵᠤ᠂ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ  ᠥᠬᠡᠶ︾  ᠪᠠᠶᠢᠬᠤ  ᠶᠠᠪᠤᠳᠠᠯ  ᠢ  ᠴᠢᠩᠭ᠎ᠠ ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃ ᠤᠯᠠᠨ ᠢᠶᠠᠷ ᠢᠶᠠᠨ ᠪᠣᠳᠠᠲᠠᠶ ᠱᠠᠭᠠᠷᠳᠠᠯᠭ᠎ᠠ ᠶᠢ ᠦᠵᠡᠵᠡᠭᠡᠶ᠎ᠡ᠃        ᠨᠢᠭᠡ᠂ ᠠᠵᠢᠯ ᠣᠯᠭᠤᠬᠤ ᠬᠥᠮᠦᠵᠢᠯ ᠢ ᠴᠢᠩᠭᠠᠳᠬᠠᠬᠤ ᠬᠡᠷᠡᠭᠲᠡᠢ᠃        ᠬᠤᠶᠠᠷ᠂ ᠠᠵᠢᠯ ᠣᠯᠭᠤᠬᠤ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ᠃        ᠭᠤᠷᠪᠠ᠂ ᠪᠦᠬᠦᠳᠡ ᠶᠢ ᠠᠵᠢᠯ ᠤᠨ ᠪᠠᠶᠢᠷᠢ ᠲᠠᠢ ᠪᠤᠯᠭᠠᠬᠤ ᠬᠡᠷᠡᠭᠲᠡᠶ᠃        ᠳᠥᠷᠪᠡ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠲᠠᠭᠯᠠᠨ ᠮᠡᠳᠡᠭᠦᠯᠬᠦ ᠬᠡᠷᠡᠭᠲᠡᠶ᠃         ᠲᠠᠪᠤ᠂ ᠮᠤᠵᠢ ᠠᠯᠤᠰᠯᠠᠨ ᠪᠠᠭᠰᠢᠯᠠᠬᠤ ᠶᠢ ᠵᠢᠷᠤᠮᠵᠢᠭᠤᠯᠬᠤ ᠬᠡᠷᠡᠭᠲᠡᠢ᠃        ᠵᠢᠷᠭᠤᠭ᠎ᠠ᠂ ᠭᠡᠷ᠎ᠡ ᠬᠦᠢᠴᠡᠳᠬᠡᠬᠦ ᠬᠠᠮᠢᠶᠠᠷᠤᠯᠲᠠ ᠶᠢ ᠴᠢᠩᠳᠠᠯᠠᠬᠤ ᠬᠡᠷᠡᠭᠳᠡᠢ᠃         ᠳᠣᠯᠤᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃
ᠢᠷᠡᠯᠲᠡ᠄ ᠠᠷᠠᠳ ᠤᠨ ᠰᠥᠯᠵᠢᠶ᠎ᠡ