ᠴᠠᠭᠠᠨ ᠰᠠᠷ᠎ᠠ ᠶᠢᠨ ᠬᠤᠸᠠᠷ ᠫᠤᠤᠵᠢᠩ ᠤᠨ ᠲᠤᠰᠬᠠᠢ ᠪᠠᠶᠢᠴᠠᠭᠠᠯᠲᠠ ᠬᠢᠪᠡ︕
ᠨᠡᠶᠢᠲᠡᠯᠡᠭᠰᠡᠨ ᠴᠠᠭ᠄
2024/2/6
    640.jpg
     ᠴᠠᠭᠠᠨ ᠰᠠᠷ᠎ᠠ ᠣᠶᠢᠷᠠᠳᠴᠤ᠂ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ︽ᠪᠠᠭ᠎ᠠ ᠤᠷᠬᠢᠯ︾  ᠳᠤ ᠤᠷᠤᠯ᠎ᠠ᠃ ᠬᠤᠸᠠᠷ ᠫᠤᠤᠵᠢᠩ ᠤᠨ ᠴᠢᠨᠠᠷ ᠤᠨ ᠠᠶᠤᠯ ᠦᠭᠡᠢ  ᠢ ᠦᠨᠡᠨᠬᠦ ᠪᠠᠲᠤᠯᠠᠵᠤ᠂ ᠶᠠᠰᠤ ᠴᠢᠨᠠᠷ ᠤᠨ ᠳᠠᠯᠳᠠ ᠬᠡᠮ  ᠢ ᠠᠷᠢᠯᠭᠠᠬᠤ ᠶᠢᠨ ᠲᠤᠰᠠᠳᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂  ᠲᠤᠭᠤᠷᠢᠭ ᠤᠨ ᠠᠮᠤᠷ ᠢ ᠬᠠᠮᠠᠭᠠᠯᠠᠬᠤ ᠠᠯᠪᠠᠨ ᠭᠡᠷ ᠲᠠᠢ ᠬᠠᠮᠲᠤᠷᠠᠨ ᠴᠠᠭᠠᠨ ᠰᠠᠷ᠎ᠠ ᠠᠴᠠ ᠡᠮᠦᠨᠡᠬᠢ ᠬᠤᠸᠠᠷ ᠫᠤᠤᠵᠢᠩ ᠤᠨ ᠲᠤᠰᠬᠠᠢ ᠪᠠᠶᠢᠴᠠᠭᠠᠯᠲᠠ ᠶᠢ ᠬᠠᠮᠲᠤᠪᠠᠷ ᠥᠷᠨᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢ  ᠱᠠᠯᠠᠪᠳᠠᠵᠤ ᠪᠠᠶᠢᠭᠠᠳ ᠦᠢᠯᠡᠳᠬᠦᠨ ᠤ ᠴᠢᠨᠠᠷ ᠤᠨ ᠠᠶᠤᠯ ᠦᠭᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠭᠦᠯᠵᠦ᠂ ᠦᠢᠯᠡᠳᠬᠦᠨ ᠤ ︽ᠶᠠᠰᠤ ᠴᠢᠨᠠᠷ ᠤᠨ ᠪᠣᠭᠤᠮᠲᠠ︾ ᠶᠢ ᠴᠢᠩᠭ᠎ᠠ ᠠᠳᠬᠤᠨ᠎ᠠ᠃
640 (1).jpg 
    ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭᠠᠨ ᠤ ᠳᠠᠷᠤᠭ᠎ᠠ ᠯᠢᠦ ᠪᠠᠢ ᠯᠢᠶᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠭᠤᠣᠯᠳᠠᠭᠤ ᠬᠢᠷᠢ ᠲᠡᠩᠴᠡᠬᠦ ᠦᠭᠡᠢ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠰᠡᠷᠭᠡᠶᠢᠯᠡᠬᠦ ᠶᠢᠨ ᠲᠥᠯᠥᠭᠡ ᠶᠤᠮ ᠭᠡᠵᠡᠢ᠃ ᠬᠠᠷᠢᠶᠠᠲᠤ ᠣᠷᠣᠨ ᠤ ᠳᠣᠲᠣᠷᠠᠬᠢ 38 ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠭᠠᠵᠠᠷ ᠲᠤ ᠬᠠᠤᠯᠢ ᠶᠣᠰᠣᠭᠠᠷ ᠪᠦᠬᠦᠨ ᠢ ᠬᠠᠮᠤᠷᠤᠭᠰᠠᠨ ᠪᠠᠶᠢᠴᠠᠭᠠᠯᠲᠠ ᠬᠢᠨ᠎ᠡ᠃ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠤᠸᠠᠷ ᠫᠤᠤᠵᠢᠩ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠬᠤᠷᠢᠭᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃
640 (3).jpg
      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠤᠸᠠᠷ ᠫᠤᠤᠵᠢᠩ ᠪᠣᠷᠣᠯᠠᠭᠤᠯᠬᠤ ᠭᠠᠵᠠᠷ ᠲᠤ ᠬᠤᠸᠠᠷ ᠫᠤᠤᠵᠢᠩ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠳᠦᠷᠢᠮ ᠤᠨ ᠡᠭᠦᠷᠭᠡ ᠶᠢ ᠭᠦᠢᠴᠡᠳᠬᠡᠭᠰᠡᠨ ᠡᠰᠡᠬᠦ᠂ ᠠᠮᠤᠷ ᠲᠦᠪᠰᠢᠨ ᠤ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠯᠳᠦᠭᠦᠯᠦᠭᠰᠡᠨ ᠡᠰᠡᠬᠦ ᠳᠤ ᠭᠤᠣᠯᠳᠠᠯᠭ᠎ᠠ ᠲᠠᠢ ᠪᠠᠷ ᠴᠢᠩᠭ᠎ᠠ ᠪᠠᠶᠢᠴᠠᠭᠠᠯᠲᠠ ᠬᠢᠪᠡ ᠃
640 (4).jpg
      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠡᠷᠭᠡ ᠳᠤᠨᠢ ᠤᠬᠠᠭᠤᠯᠵᠤ᠂ ᠥᠷᠭᠡᠨ ᠣᠯᠠᠨ  ᠬᠤᠳᠠᠯᠳᠤᠭᠠᠨ ᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠷ  ᠡᠵᠡᠮᠳᠡᠵᠦ᠂ ᠬᠠᠭᠤᠷᠮᠠᠭ ᠮᠠᠭᠤ ᠬᠤᠸᠠᠷ ᠫᠤᠤᠵᠢᠩ ᠪᠣᠷᠣᠯᠠᠭᠤᠯᠬᠤ ᠦᠭᠡᠢ ᠂ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ  ᠳᠡᠭᠡᠭᠰᠢᠯᠡᠭᠦᠯᠪᠡ ᠃
640 (5).jpg
 
ᠢᠷᠡᠯᠲᠡ᠄ ᠲᠤᠰ ᠰᠦᠯᠵᠢᠶ᠎ᠡ