ᠳ᠋ᠦ᠋ ᠬᠤᠢ ᠯᠢᠶᠠᠩ ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2024/2/6
     ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠭᠰᠠᠨ ᠮᠠᠨ ᠤ ᠬᠤᠲᠠ ᠶᠢᠨ ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃           ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠢᠨᠠᠨ ᠵᠥᠪᠯᠡᠬᠦ ᠳᠤ ᠣᠷᠣᠯᠴᠠᠪᠠ᠃ ᠳ᠋ᠦ᠋ ᠬᠤᠢ ᠯᠢᠶᠠᠩ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠤᠯᠤᠰ ᠲᠦᠷᠦ ᠶᠢᠨ ᠬᠠᠷᠢᠭᠤᠴᠠᠯᠭ᠎ᠠ ᠶᠢ ᠢᠯᠡᠷᠡᠭᠦᠯᠵᠦ᠂ ᠬᠥᠭᠵᠢᠯᠲᠡ ᠶᠢᠨ ᠢᠲᠡᠭᠡᠯ ᠢ ᠳᠠᠮᠵᠢᠭᠤᠯᠵᠤ᠂ ᠡᠷᠡᠯᠬᠡᠭᠯᠡᠨ ᠤᠷᠤᠭᠰᠢᠯᠠᠬᠤ ᠬᠠᠨᠳᠤᠰᠢ ᠶᠢ ᠢᠯᠡᠷᠡᠭᠦᠯᠵᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠬᠠᠷᠠᠭᠤᠯᠵᠤ᠂ ᠡᠨᠡᠬᠦ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠣᠷᠳᠣᠰ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠬᠥᠭᠵᠢᠯᠲᠡ ᠶᠢᠨ ︽ᠲᠤᠯᠭᠠᠭᠤᠷᠢᠯᠠᠭᠴᠢ᠂ ᠳᠠᠭᠠᠭᠤᠯᠤᠭᠴᠢ︾ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠦᠢᠯᠡᠳᠦᠯᠭᠡᠵᠢᠭᠦᠯᠦᠨ ᠦᠷ᠎ᠡ ᠪᠦᠲᠦᠮᠵᠢ ᠣᠯᠵᠤ᠂ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠵᠢᠭᠰᠠᠭᠠᠯᠲᠠ ᠳᠤ ᠳᠡᠪᠰᠢᠭᠦᠯᠦᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠪᠦᠰᠡᠯᠡᠯᠲᠡ ᠶᠢ ᠰᠢᠪᠲᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠠᠯ᠎ᠠ ᠪᠠᠷ ᠲᠤᠷᠰᠢᠯᠲᠠ ᠶᠢᠨ ᠴᠡᠭ ᠪᠣᠯᠵᠤ ᠳᠠᠭᠤᠷᠢᠶᠠᠯ ᠦᠵᠡᠭᠦᠯᠵᠦ᠂ ᠬᠥᠭᠵᠢᠯᠲᠡ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠣᠨᠣᠴᠠᠲᠠᠢ ᠬᠦᠴᠦᠯᠡᠵᠦ᠂ ᠪᠦᠬᠦ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠪᠡ᠃          ᠳ᠋ᠦ᠋ ᠬᠤᠢ ᠯᠢᠶᠠᠩ ᠪᠠᠰᠠ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠣᠷᠳᠣᠰ ᠤᠨ ᠬᠤᠪᠢᠶᠠᠷᠢ ᠬᠦᠷᠢᠶᠡᠯᠡᠩ ᠤᠨ ᠬᠥᠭᠵᠢᠯᠲᠡ ᠶᠢ ᠳᠡᠮᠵᠢᠬᠦ᠂ ᠣᠷᠳᠣᠰ ᠲᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠬᠦ ᠬᠡᠪᠴᠢᠶᠡᠵᠢᠯ ᠢ ᠥᠷᠭᠡᠳᠬᠡᠨ ᠴᠢᠨᠠᠷᠵᠢᠯ ᠢ ᠳᠡᠭᠡᠭᠰᠢᠯᠡᠭᠦᠯᠬᠦ ᠶᠢ ᠠᠬᠢᠭᠤᠯᠬᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠥᠪᠯᠡᠷᠡᠭᠦᠯᠦᠨ ᠵᠠᠯᠭᠠᠯᠳᠤᠭᠤᠯᠤᠨ ᠬᠡᠷᠡᠭᠵᠢᠭᠦᠯᠬᠦ᠂ ᠣᠷᠳᠣᠰ ᠤᠨ ᠴᠢᠬᠤᠯᠠ ᠶᠡᠭᠡ ᠲᠥᠷᠥᠯ ᠵᠦᠢᠯ ᠤᠨ ᠤᠰᠤ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠰᠠᠨᠠᠭᠤᠯᠭ᠎ᠠ ᠳᠤᠷᠠᠳᠪᠠ᠃           ᠬᠤᠳᠠ ᠶᠢᠨ ᠤᠳᠤᠷᠢᠳᠤᠯᠭ᠎ᠠ ᠵᠠᠩ ᠵᠠᠨ ᠯᠢᠨ᠂ ᠺᠦᠩ ᠹᠠᠨ ᠹᠧᠢ᠂ ᠵᠢᠷᠤᠮᠲᠤ ᠬᠢᠨᠠᠨ ᠵᠥᠪᠯᠡᠬᠦ ᠳᠤ ᠣᠷᠣᠯᠴᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ