ᠮᠠᠨ ᠤ ᠤᠯᠤᠰ ᠲᠠᠷᠠᠭᠠᠴᠢ ᠶᠢᠨ ᠱᠠᠲᠤᠨ ᠳᠤ ᠤᠶᠠᠮᠠᠨ ᠡᠪᠡᠳᠴᠢᠨ ᠤ ᠬᠤᠣᠷ ᠬᠥᠨᠥᠭᠡᠯ ᠢ ᠪᠥᠬᠦ ᠲᠠᠯ᠎ᠠ ᠪᠠᠷ ᠠᠷᠢᠯᠭᠠᠬᠤ ᠬᠠᠷᠠᠯᠲᠠ ᠶᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2024/2/6
      28 ᠤ ᠡᠳᠦᠷ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠵᠡᠷᠭᠡ 12 ᠰᠠᠯᠠᠭ᠎ᠠ ᠮᠥᠴᠢᠷ ᠬᠠᠮᠲᠤᠷᠠᠨ ︽ᠤᠶᠠᠮᠠᠨ ᠡᠪᠡᠳᠴᠢᠨ ᠤ ᠬᠤᠣᠷ ᠬᠥᠨᠥᠭᠡᠯ ᠢ ᠪᠥᠬᠦ ᠲᠠᠯ᠎ᠠ ᠪᠠᠷ ᠠᠷᠢᠯᠭᠠᠬᠤ ᠦᠷᠭᠦᠯᠵᠢᠯᠡᠬᠦᠶᠢᠴᠡ ᠬᠥᠭᠵᠢᠯᠲᠡ ᠶᠢᠨ ᠲᠦᠯᠦᠪᠯᠡᠭᠡ ︵2024 — 2030 ᠣᠨ︶︾ ᠶᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠪᠥᠬᠦ ᠤᠯᠤᠰ ᠤᠨ ᠤᠶᠠᠮᠠᠨ ᠡᠪᠡᠳᠴᠢᠨ ᠳᠤ ᠨᠡᠷᠪᠡᠭᠳᠡᠭᠰᠡᠨ ᠨᠣᠷᠮ᠎ᠠ ᠨᠢ 1/10 ᠲᠦᠮᠡ ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠲᠤᠭ᠎ᠠ ᠶᠢ 0 ᠪᠣᠯᠭᠠᠵᠤ᠂ ᠤᠶᠠᠮᠠᠨ ᠡᠪᠡᠳᠴᠢᠲᠡᠨ ᠢ ᠡᠮᠨᠡᠨ ᠵᠠᠰᠠᠬᠤ ᠳᠤ 2 ᠲᠠᠰ ᠤᠨ ᠵᠡᠷᠡᠮᠳᠡᠭ ᠵᠡᠮᠳᠡᠭ ᠰᠢᠨ᠎ᠡ ᠪᠠᠷ ᠡᠭᠦᠰᠬᠦ ᠬᠠᠷᠢᠴᠠᠯ ᠢ 0 ᠪᠣᠯᠭᠠᠵᠤ᠂ ᠤᠶᠠᠮᠠᠨ ᠡᠪᠡᠳᠴᠢᠨ ᠢ ᠠᠷᠢᠯᠭᠠᠬᠤ ᠬᠠᠷᠠᠯᠲᠠ ᠶᠢ ᠳᠤᠮᠳᠠᠳᠤ ᠤᠯᠤᠰ ᠲᠤ ᠡᠷᠲᠡᠬᠡᠨ ᠪᠡᠶᠡᠯᠡᠭᠦᠯᠦᠨ᠎ᠡ ᠭᠡᠵᠦ ᠲᠣᠳᠣᠷᠬᠠᠶᠢᠯᠠᠵᠠᠢ ᠃      ᠤᠶᠠᠮᠠᠨ ᠡᠪᠡᠳᠴᠢᠨ ᠪᠣᠯ ᠬᠥᠮᠥᠨ ᠲᠥᠷᠥᠯᠬᠢᠲᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠨᠢᠭᠡ ᠵᠦᠢᠯ ᠤᠨ ᠤᠳᠠᠭᠠᠨ ᠴᠢᠨᠠᠷᠲᠠᠢ ᠬᠠᠯᠳᠠᠪᠤᠷᠢᠲᠤ ᠡᠪᠡᠳᠴᠢᠨ ᠮᠥᠨ ᠂ ᠡᠷᠲᠡ ᠢᠯᠡᠷᠡᠭᠦᠯᠬᠦ ᠦᠭᠡᠢ ᠪᠤᠶᠤ ᠴᠠᠭ ᠲᠤᠬᠠᠢ ᠳᠤ ᠨᠢ ᠡᠮᠨᠡᠨ ᠵᠠᠰᠠᠬᠤ ᠦᠭᠡᠢ ᠪᠣᠯ ᠬᠡᠰᠡᠭ ᠭᠠᠵᠠᠷ ᠤᠨ ᠠᠷᠠᠰᠤ ᠶᠢ ᠭᠡᠮᠲᠦᠭᠡᠵᠦ ᠂ ᠴᠢᠨᠠᠭᠰᠢᠯᠠᠪᠠᠯ ᠬᠦᠨᠳᠦ ᠨᠣᠴᠢᠲᠠᠢ ᠨᠢ ᠬᠠᠷᠠᠭ᠎ᠠ ᠪᠠᠨ ᠠᠯᠳᠠᠬᠤ ᠂ ᠨᠢᠭᠤᠷ ᠤᠨ ᠬᠡᠰᠡᠭ ᠨᠢ ᠵᠡᠷᠡᠮᠳᠡᠭ ᠪᠣᠯᠬᠤ ᠪᠠ ᠭᠠᠷ ᠬᠥᠯ ᠨᠢ ᠵᠡᠮᠳᠡᠭ ᠪᠣᠯᠬᠤ ᠵᠡᠷᠭᠡ ᠢᠯᠡᠷᠡᠯ ᠲᠠᠢ ᠪᠠᠶᠢᠳᠠᠭ᠃      ᠨᠢᠭᠡ ᠪᠦᠯᠦᠭ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ︽ᠪᠦᠬᠦ ᠤᠯᠤᠰ ᠤᠨ ᠤᠶᠠᠮᠠᠨ ᠡᠪᠡᠳᠴᠢᠨ ᠤ ᠬᠤᠣᠷ ᠬᠥᠨᠥᠭᠡᠯ ᠢ ᠠᠷᠢᠯᠭᠠᠬᠤ ᠲᠦᠯᠦᠪᠯᠡᠭᠡ ︵2011 — 2020 ᠣᠨ︶︾ ᠶᠢ ᠬᠡᠷᠡᠭᠵᠢᠭᠦᠯᠬᠦ ᠪᠠᠷ ᠳᠠᠮᠵᠢᠨ ᠂ ᠪᠦᠬᠦ ᠤᠯᠤᠰ ᠲᠤ ᠤᠶᠠᠮᠠᠨ ᠡᠪᠡᠳᠴᠢᠨ ᠤ ᠬᠤᠣᠷ ᠬᠥᠨᠥᠭᠡᠯ ᠢ ᠦᠨᠳᠦᠰᠦᠨ ᠳᠤ ᠪᠠᠨ ᠠᠷᠢᠯᠭᠠᠭᠰᠠᠨ ᠴᠢᠬᠤᠯᠠ ᠦᠷ᠎ᠡ ᠪᠦᠲᠦᠭᠡᠯ ᠣᠯᠣᠭᠰᠠᠨ ᠪᠠᠶᠢᠨ᠎ᠠ᠃ 2020 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠤᠶᠠᠮᠠᠨ ᠡᠪᠡᠳᠴᠢᠨ ᠳᠤ ᠨᠡᠷᠪᠡᠭᠳᠡᠭᠰᠡᠳ ᠤᠨ ᠲᠤᠭ᠎ᠠ ᠢᠯᠡᠳᠲᠡ ᠪᠠᠭᠠᠰᠴᠤ᠂ 2010 ᠣᠨ ᠤ ᠡᠴᠦᠰ ᠤᠨ ᠬᠢ ᠠᠴᠠ 50% ᠠᠴᠠ ᠳᠡᠭᠡᠭᠰᠢ ᠪᠠᠷ ᠪᠠᠭᠤᠷᠠᠭᠤᠯᠤᠨ᠂ ᠪᠥᠬᠦ ᠤᠯᠤᠰ ᠤᠨ 98% ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠤᠶᠠᠮᠠᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ 1/10 ᠲᠦᠮᠡ ᠠᠴᠠ ᠳᠣᠷᠣᠭᠰᠢ ᠪᠠᠶᠢᠯᠭᠠᠬᠤ ᠲᠦᠯᠦᠪᠯᠡᠭᠡ ᠶᠢᠨ ᠬᠠᠷᠠᠯᠲᠠ ᠶᠢ ᠪᠡᠶᠡᠯᠡᠭᠦᠯᠪᠡ ᠃      ᠰᠢᠨ᠎ᠡ ᠬᠡᠪᠯᠡᠯ ᠤᠨ ᠲᠦᠯᠦᠪᠯᠡᠭᠡ ᠶᠢ ᠦᠨᠳᠦᠰᠦᠯᠡᠪᠡᠯ᠂ ᠮᠠᠨ ᠤ ᠤᠯᠤᠰ ᠤᠶᠠᠮᠠᠨ ᠡᠪᠡᠳᠴᠢᠨ ᠳᠤ ᠨᠡᠷᠪᠡᠭᠳᠡᠭᠰᠡᠨ ᠨᠣᠷᠮ᠎ᠠ ᠪᠠ ᠲᠤᠰ ᠭᠠᠵᠠᠷ ᠤᠨ ᠤᠶᠠᠮᠠᠨ ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠰᠢᠶᠠᠨ ︵ᠬᠤᠲᠠ᠂ ᠲᠣᠭᠤᠷᠢᠭ︶ ᠤ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠦᠬᠦ ᠤᠯᠤᠰ ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠢ ᠭᠤᠷᠪᠠᠨ ᠲᠥᠷᠥᠯ ᠤᠨ ᠭᠠᠵᠠᠷ ᠣᠷᠣᠨ ᠪᠣᠯᠭᠠᠨ ᠬᠤᠪᠢᠶᠠᠵᠤ᠂ ᠲᠥᠷᠥᠯ ᠬᠤᠪᠢᠶᠠᠨ ᠵᠢᠯᠤᠭᠤᠳᠴᠤ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠭᠦᠨ ᠳᠤ᠂ ᠨᠢᠭᠡᠳᠦᠭᠡᠷ ᠲᠥᠷᠥᠯ ᠤᠨ ᠭᠠᠵᠠᠷ ᠣᠷᠣᠨ ᠨᠢ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠪᠲᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠪᠠ ᠡᠮᠨᠡᠨ ᠵᠠᠰᠠᠬᠤ ᠠᠵᠢᠯ ᠢ ᠴᠢᠩᠭᠠᠳᠬᠠᠨ᠂ ᠡᠪᠡᠳᠴᠢᠨ ᠡᠮᠭᠡᠭ ᠳᠡᠯᠭᠡᠷᠡᠬᠦ ᠶᠢ ᠬᠤᠷᠢᠭᠯᠠᠨ᠎ᠠ ︔ ᠬᠤᠶᠠᠳᠤᠭᠠᠷ ᠲᠥᠷᠥᠯ ᠤᠨ ᠭᠠᠵᠠᠷ ᠣᠷᠣᠨ ᠨᠢ ᠬᠢᠨᠠᠨ ᠰᠢᠨᠵᠢᠵᠦ ᠬᠠᠮᠢᠶᠠᠷᠬᠤ ᠪᠠᠨ ᠴᠢᠩᠭᠠᠳᠬᠠᠵᠤ᠂ ᠬᠡᠯᠪᠡᠯᠵᠡᠨ ᠳᠠᠬᠢᠨ ᠳᠡᠯᠭᠡᠷᠡᠬᠦ ᠶᠢ ᠰᠡᠷᠭᠡᠶᠢᠯᠡᠨ᠎ᠡ︔ ᠭᠤᠷᠪᠠᠳᠤᠭᠠᠷ ᠲᠦᠷᠦᠯ ᠤᠨ ᠭᠠᠵᠠᠷ ᠣᠷᠣᠨ ᠨᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ ᠂ ᠦᠷ᠎ᠡ ᠪᠦᠲᠦᠭᠡᠯ ᠢᠶᠠᠨ ᠢᠳᠡᠪᠬᠢᠲᠡᠢ ᠪᠠᠷ ᠪᠠᠬᠢᠵᠢᠭᠦᠯᠦᠨ ᠂ ᠬᠤᠣᠷ ᠬᠥᠨᠥᠭᠡᠯ ᠢ ᠠᠷᠢᠯᠭᠠᠭᠰᠠᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠪᠠᠲᠤᠯᠠᠨ᠎ᠠ᠃      ᠲᠦᠯᠦᠪᠯᠡᠭᠡ ᠳᠤ ᠪᠠᠰᠠ ︽ᠡᠪᠡᠳᠴᠢᠨ ᠤ ᠵᠢᠱᠢᠶ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ︽ᠵᠡᠷᠡᠮᠳᠡᠭ ᠵᠡᠮᠳᠡᠭ ᠤᠨ ᠰᠡᠷᠭᠡᠶᠢᠯᠡᠯᠲᠡ ᠶᠢ ᠴᠢᠩᠭᠠᠳᠬᠠᠵᠤ᠂ ᠪᠥᠬᠦ ᠲᠠᠯ᠎ᠠ ᠪᠠᠷ ᠡᠷᠡᠭᠦᠯᠵᠢᠬᠦ ᠶᠢ ᠠᠬᠢᠭᠤᠯᠬᠤ︾ ︽ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ ᠂ ᠨᠡᠶᠢᠭᠡᠮ ᠤᠨ ᠭᠠᠳᠠᠭᠤᠷᠴᠢᠯᠠᠯ ᠢ ᠠᠷᠢᠯᠭᠠᠬᠤ︾ ᠵᠡᠷᠭᠡ 6 ᠭᠤᠣᠯᠳᠠᠯᠭ᠎ᠠ ᠲᠠᠢ ᠬᠦᠷᠢᠶᠡᠨ ᠠᠴᠠ᠂ ᠡᠷᠲᠡ ᠠᠴᠠ ᠡᠪᠡᠳᠴᠢᠲᠡᠨ ᠢ ᠢᠯᠡᠷᠡᠭᠦᠯᠬᠦ᠂ ᠨᠠᠷᠢᠯᠢᠭ ᠣᠨᠣᠴᠠᠲᠠᠢ ᠪᠠᠷ ᠡᠮᠨᠡᠨ ᠵᠠᠰᠠᠬᠤ ᠪᠠᠷ ᠴᠢᠷᠮᠠᠶᠢᠬᠤ᠂ ᠵᠡᠷᠡᠮᠳᠡᠭ ᠵᠡᠮᠳᠡᠭ ᠪᠣᠯᠬᠤ ᠶᠢ ᠰᠡᠷᠭᠡᠶᠢᠯᠡᠬᠦ ᠵᠡᠷᠭᠡ ᠭᠤᠣᠯ ᠡᠭᠦᠷᠭᠡ ᠶᠢ ᠳᠤᠷᠠᠳᠤᠨ ᠭᠠᠷᠭᠠᠪᠠ᠃      ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠳᠤ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠡᠯ᠎ᠡ ᠭᠠᠵᠠᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠮᠳᠠᠭᠤᠯᠬᠤ ᠶᠢᠨ ᠬᠠᠮᠲᠤ ᠵᠣᠬᠢᠴᠠᠭᠰᠠᠨ ᠱᠠᠲᠤᠴᠢ ᠴᠢᠨᠠᠷᠲᠠᠢ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠥᠷᠨᠢᠭᠦᠯᠦᠨ᠎ᠡ ᠭᠡᠵᠦ ᠲᠣᠳᠣᠷᠬᠠᠶᠢᠯᠠᠪᠠ ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ