ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠮᠠ ᠬᠦᠢ ᠰᠢᠶᠠᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/3/1
1.jpg
     ᠰᠤᠷᠪᠤᠯᠵᠢᠯᠠᠭᠴᠢ᠄ ᠮᠠ ᠬᠦᠶ ᠰᠢᠶᠠᠩ ᠲᠥᠯᠥᠭᠡᠯᠡᠭᠴᠢ᠂ ᠲᠠ ᠰᠠᠶᠢᠨ  ᠤᠤ︖ ᠬᠢᠶ᠎ᠠ ᠪᠠᠭᠰᠢ ᠶᠢᠨ ᠵᠡᠭᠦᠨ ᠬᠡᠰᠡᠭ  ᠲᠤ ᠬᠤᠳᠠᠯᠳᠤᠭᠠᠨ ᠤ ᠲᠣᠭᠤᠷᠢᠭ ᠪᠠᠶᠢᠭᠤᠯᠬᠤ ᠵᠢᠴᠢ ᠶᠡᠭᠡ ᠰᠤᠷᠭᠠᠭᠤᠯᠢ ᠳᠤ ᠲᠦᠰᠢᠭᠯᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠵᠢᠯ ᠮᠡᠷᠭᠡᠵᠢᠯ ᠤᠨ ᠰᠡᠬᠡᠭᠡᠷᠡᠭᠦᠯᠬᠦ ᠰᠤᠷᠭᠠᠨ ᠬᠥᠮᠦᠵᠢᠯ ᠤᠨ ᠲᠥᠪ ᠪᠠᠶᠢᠭᠤᠯᠬᠤ ᠲᠤᠬᠠᠢ ᠲᠠᠨ ᠳᠤ ᠶᠠᠮᠠᠷ ᠰᠠᠶᠢᠨ ᠰᠠᠨᠠᠭᠤᠯᠭ᠎ᠠ ᠪᠠᠶᠢᠬᠤ ᠪᠣᠶ︖      ᠮᠠ ᠬᠦᠶ ᠰᠢᠶᠠᠩ ᠲᠥᠯᠥᠭᠡᠯᠡᠭᠴᠢ᠄ ᠬᠢᠶ᠎ᠠ  ᠪᠠᠭᠰᠢ ᠶᠢᠨ ᠵᠡᠭᠦᠨ ᠬᠡᠰᠡᠭ  ᠲᠤ  ᠭᠤᠷᠪᠠᠨ ᠠᠵᠢᠯ ᠮᠡᠷᠭᠡᠵᠢᠯ ᠤᠨ ᠲᠥᠷᠥᠯ ᠤᠨ ᠳᠡᠭᠡᠳᠦ ᠰᠤᠷᠭᠠᠭᠤᠯᠢ ᠪᠣᠯᠣᠨ ᠨᠢᠭᠡᠨ ᠲᠣᠮᠣ ᠬᠡᠯᠪᠡᠷᠢ  ᠶᠢᠨ ᠡᠮᠨᠡᠯᠭᠡ  ᠶᠢᠨ ᠬᠤᠷᠢᠶ᠎ᠠ ᠲᠥᠪᠯᠡᠷᠡᠵᠦ ᠪᠠᠶᠢᠭ᠎ᠠ ᠤᠴᠢᠷ  ᠠᠴᠠ ᠬᠥᠮᠥᠨ ᠤ ᠤᠷᠤᠰᠬᠠᠯ ᠤᠨ ᠬᠡᠮᠵᠢᠶ᠎ᠡ ᠠᠶᠠᠨᠴᠢᠳ ᠤᠨ ᠤᠷᠤᠰᠬᠠᠯ ᠤᠨ ᠬᠡᠮᠵᠢᠶ᠎ᠡ ᠮᠠᠰᠢ ᠶᠡᠭᠡ ᠪᠠᠶᠢᠵᠤ᠂ ᠣᠳᠣᠬᠠᠨ ᠳᠤ ᠬᠤᠳᠠᠯᠳᠤᠭᠠᠨ ᠤ ᠲᠠᠯ᠎ᠠ ᠪᠠᠷ ᠳᠤᠲᠠᠮᠠᠭ᠂ ᠶᠡᠭᠡ ᠰᠤᠷᠭᠠᠭᠤᠯᠢ ᠶᠢᠨ ᠡᠷᠬᠢᠨ ᠲᠣᠭᠤᠷᠢᠨ ᠬᠥᠮᠥᠰ ᠤᠨ ᠬᠦᠷᠢᠶᠡᠯᠡᠯ ᠢ ᠣᠯᠵᠤ ᠳᠡᠶᠢᠯᠬᠦ ᠦᠭᠡᠢ᠂ ᠰᠣᠷᠣᠭᠴᠢ ᠶᠢᠨ ᠴᠢᠯᠦᠭᠡᠲᠦ ᠴᠠᠭ ᠤᠨ ᠠᠮᠢᠳᠤᠷᠠᠯ ᠪᠠ ᠠᠵᠢᠯᠯᠠᠭ᠎ᠠ ᠲᠡᠶᠢᠮᠦ ᠡᠯᠪᠡᠭ ᠪᠢᠰᠢ᠂ ᠰᠢᠯᠭᠠᠭᠤᠯᠤᠭᠴᠢ ᠶᠢ ᠲᠠᠲᠠᠬᠤ ᠬᠦᠴᠦᠨ ᠲᠡᠶᠢᠮᠦ ᠴᠢᠩᠭ᠎ᠠ ᠪᠢᠰᠢ ᠪᠠᠶᠢᠵᠤ᠂ ᠣᠶᠤᠲᠠᠳ ᠤᠨ ᠢᠷᠡᠯᠲᠡ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃     ᠣᠷᠳᠣᠰ ᠬᠤᠲᠠ ᠶᠢᠨ ᠠᠵᠤ ᠦᠢᠯᠡᠰ ᠤᠨ ᠲᠠᠰ ᠳᠠᠪᠰᠢᠵᠤ ᠬᠡᠯᠪᠡᠷᠢ ᠪᠠᠨ ᠬᠤᠪᠢᠷᠠᠭᠤᠯᠬᠤ ᠶᠢ ᠳᠠᠭᠠᠯᠳᠤᠨ᠂ ᠶᠡᠭᠡ ᠬᠡᠮᠵᠢᠶᠡᠨ ᠤ ᠠᠵᠤ ᠦᠢᠯᠡᠰ ᠤᠨ ᠴᠢᠳᠠᠪᠤᠷᠢᠲᠠᠨ ᠱᠠᠭᠠᠷᠳᠠᠭᠳᠠᠨ᠎ᠠ᠃ ᠬᠤᠲᠠ  ᠶᠢᠨ ᠵᠠᠰᠠᠭ ᠤᠨ ᠣᠷᠳᠣᠨ ᠪᠣᠯᠣᠨ ᠡᠯ᠎ᠡ ᠳᠡᠭᠡᠳᠦ ᠰᠤᠷᠭᠠᠭᠤᠯᠢ ᠨᠤᠭᠤᠳ ᠤᠳᠠᠭ᠎ᠠ ᠳᠠᠷᠠᠭᠠᠯᠠᠨ  ᠪᠠᠴᠢᠮ ᠬᠡᠷᠡᠭᠴᠡᠭᠡ ᠲᠠᠢ᠂ ᠪᠠᠴᠢᠮ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠰᠤᠷᠤᠭᠴᠢᠳ ᠤᠨ ᠰᠤᠷᠤᠯᠭ᠎ᠠ  ᠶᠢᠨ ᠰᠦᠢᠳᠬᠡᠯ ᠤᠨ ᠨᠥᠬᠦᠪᠦᠷᠢ  ᠶᠢᠨ ᠲᠥᠷᠥ  ᠶᠢᠨ ᠪᠤᠳᠤᠯᠭ᠎ᠠ  ᠨᠡᠶᠢᠲᠡᠯᠡᠵᠦ᠂ ᠭᠡᠪᠡᠴᠦ ᠰᠣᠷᠣᠭᠴᠢ ᠡᠯᠰᠡᠬᠦ ᠶᠠᠪᠤᠴᠠ ᠳᠤ᠂ ᠰᠢᠯᠭᠠᠭᠤᠯᠤᠭᠴᠢ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠨᠢᠭᠡ ᠪᠣᠯ ᠳᠠᠷᠤᠢ ᠶᠡᠭᠡ ᠰᠤᠷᠭᠠᠭᠤᠯᠢ ᠶᠢᠨ ᠡᠷᠬᠢᠨ ᠲᠣᠭᠤᠷᠢᠨ ᠳᠤ ᠬᠤᠳᠠᠯᠳᠤᠭ᠎ᠠ ᠦᠭᠡᠢ᠂ ᠶᠡᠭᠡ ᠰᠤᠷᠭᠠᠭᠤᠯᠢ ᠶᠢᠨ ᠠᠭᠤᠷ ᠠᠮᠢᠰᠬᠤᠯ ᠲᠡᠶᠢᠮᠦ  ᠦᠳᠬᠡᠨ ᠪᠢᠰᠢ᠂ ᠶᠡᠭᠡ ᠰᠤᠷᠭᠠᠭᠤᠯᠢ ᠶᠢᠨ ᠬᠤᠲᠠ ᠶᠢᠨ ᠠᠭᠤᠷ ᠠᠮᠢᠰᠬᠤᠯ ᠢ ᠪᠣᠶ ᠪᠣᠯᠭᠠᠭᠰᠠᠨ ᠦᠭᠡᠢ᠂ ᠰᠣᠷᠣᠭᠴᠢ ᠶᠢᠨ ᠴᠢᠯᠦᠭᠡᠲᠦ  ᠴᠠᠭ ᠲᠤ ᠰᠠᠶᠢᠨ   ᠰᠡᠯᠡᠭᠦᠴᠡᠯ ᠤᠨ ᠭᠠᠵᠠᠷ ᠦᠭᠡᠢ ᠂ ᠲᠥᠪ ᠬᠤᠲᠠ ᠶᠢᠨ ᠲᠣᠭᠤᠷᠢᠭ ᠠᠴᠠ ᠨᠡᠯᠢᠶᠡᠳ ᠬᠤᠯᠠ ᠪᠠᠶᠢᠳᠠᠭ᠂ ᠡᠶᠢᠮᠦ ᠠᠴᠠ ᠬᠢᠶ᠎ᠠ ᠪᠠᠭᠰᠢ ᠵᠡᠭᠦᠨ ᠲᠣᠭᠤᠷᠢᠭ ᠲᠤ ᠬᠤᠳᠠᠯᠳᠤᠭᠠᠨ ᠤ ᠲᠣᠭᠤᠷᠢᠭ ᠢ ᠲᠦᠷᠭᠡᠬᠡᠨ ᠪᠠᠶᠢᠭᠤᠯᠬᠤ ᠶᠢ ᠰᠠᠨᠠᠭᠤᠯᠵᠤ ᠪᠠᠶᠢᠨ᠎ᠠ᠃      ᠣᠷᠳᠣᠰ ᠬᠤᠲᠠ ᠶᠢᠨ ᠲᠣᠭᠲᠠᠭᠠᠭᠰᠠᠨ ︽ᠳᠥᠷᠪᠡᠨ ᠨᠢᠭᠡ︾ ᠶᠢᠨ ᠬᠠᠷᠠᠯᠲᠠ ᠶᠢ ᠦᠨᠳᠦᠰᠦᠯᠡᠪᠡᠯ᠂ ᠣᠳᠣᠬᠠᠨ ᠳᠤ ᠶᠡᠭᠡ ᠬᠡᠮᠵᠢᠶᠡᠨ ᠤ ᠠᠵᠤ ᠦᠢᠯᠡᠰ ᠤᠨ ᠠᠵᠢᠯᠴᠢᠨ ᠪᠠᠴᠢᠮ ᠱᠠᠭᠠᠷᠳᠠᠭᠳᠠᠵᠤ ᠪᠠᠶᠢᠨ᠎ᠠ᠃ ︽ᠰᠢᠨ᠎ᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠨᠡᠶᠢᠲᠡᠯᠡᠭᠳᠡᠬᠦ ᠶᠢ ᠳᠠᠭᠠᠯᠳᠤᠨ᠂ ᠠᠵᠢᠯ ᠮᠡᠷᠭᠡᠵᠢᠯ ᠤᠨ ᠡᠩ ᠤᠨ ᠰᠤᠷᠭᠠᠭᠤᠯᠢ ᠶᠢᠨ ᠬᠠᠷᠢᠴᠠᠯ ᠤᠯᠠᠮ ᠢᠶᠠᠷ ᠲᠡᠩᠴᠡᠭᠦᠷᠢᠲᠡᠢ ᠪᠣᠯᠵᠤ᠂ 50% ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠠᠵᠢᠯ ᠮᠡᠷᠭᠡᠵᠢᠯ ᠤᠨ ᠲᠥᠷᠥᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠤᠯᠴᠠᠬᠤ ᠪᠣᠯᠣᠨ᠎ᠠ᠃ ᠰᠣᠷᠣᠭᠴᠢ ᠪᠠ ᠭᠡᠷ ᠤᠨ ᠠᠬᠠᠮᠠᠳ ᠮᠠᠨ ᠤ ᠲᠤᠬᠠᠢ ᠶᠢᠨ ᠭᠠᠵᠠᠷ ᠤᠨ ᠠᠵᠤ ᠦᠢᠯᠡᠰ ᠵᠢᠴᠢ ᠠᠵᠤ ᠠᠬᠤᠶᠢᠯᠠᠯ ᠤᠨ ᠠᠵᠢᠯ ᠤᠨ ᠣᠷᠴᠢᠨ ᠲᠣᠭᠤᠷᠢᠨ᠂ ᠴᠠᠯᠢᠩ ᠣᠯᠭᠤᠮᠵᠢ ᠶᠢᠨ ᠲᠠᠯ᠎ᠠ ᠪᠠᠷ ᠲᠡᠳᠦᠢ ᠰᠠᠶᠢᠨ ᠣᠶᠢᠯᠠᠭᠠᠬᠤ ᠦᠭᠡᠢ ᠪᠠᠶᠢᠵᠤ᠂ ᠲᠤᠰᠬᠠᠢ ᠮᠡᠷᠭᠡᠵᠢᠯ ᠰᠣᠩᠭᠤᠬᠤ ᠳᠠᠭᠠᠨ ᠶᠠᠭᠠᠬᠢᠬᠤ ᠪᠠᠨ ᠣᠯᠬᠤ ᠦᠭᠡᠢ ᠪᠣᠯᠳᠠᠭ᠃ ᠬᠡᠷᠪᠡ ᠠᠵᠢᠯ ᠮᠡᠷᠭᠡᠵᠢᠯ ᠤᠨ ᠲᠦᠷᠦᠯ ᠤᠨ  ᠳᠡᠭᠡᠳᠦ ᠰᠤᠷᠭᠠᠭᠤᠯᠢ ᠶᠡᠭᠡ ᠰᠤᠷᠭᠠᠭᠤᠯᠢ ᠳᠤ ᠲᠦᠰᠢᠭᠯᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠵᠢᠯ ᠮᠡᠷᠭᠡᠵᠢᠯ ᠤᠨ ᠰᠡᠬᠡᠭᠡᠷᠡᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠤᠶᠤ ᠲᠥᠪ ᠢ ᠪᠠᠶᠢᠭᠤᠯᠬᠤ ᠳᠤ ᠬᠦᠷᠪᠡᠯ᠂ ᠰᠤᠷᠤᠭᠴᠢ ᠪᠠ ᠭᠡᠷ ᠤᠨ ᠠᠬᠠᠮᠠᠳ ᠲᠤ ᠠᠵᠤ ᠦᠢᠯᠡᠰ ᠤᠨ ᠣᠳᠣᠬᠢ ᠪᠠᠶᠢᠳᠠᠯ᠂ ᠠᠵᠢᠯ ᠤᠨ ᠣᠷᠴᠢᠨ ᠲᠣᠭᠤᠷᠢᠨ᠂ ᠴᠠᠯᠢᠩ ᠬᠥᠯᠥᠰᠦ ᠵᠡᠷᠭᠡ ᠶᠢ ᠤᠷᠢᠳᠴᠢᠯᠠᠨ ᠲᠦᠭᠡᠮᠡᠯᠵᠢᠭᠦᠯᠵᠦ ᠪᠣᠯᠣᠨ᠎ᠠ᠃ ᠪᠠᠰᠠ ᠰᠤᠷᠤᠭᠴᠢᠳ ᠢ ᠠᠵᠢᠯ ᠤᠨ ᠪᠠᠶᠢᠷᠢ ᠶᠢᠨ ᠣᠶᠢᠯᠠᠭᠠᠭᠳᠠᠬᠤᠨ ᠪᠠ ᠲᠥᠷᠥᠭᠳᠡᠯ ᠲᠠᠢ ᠪᠣᠯᠭᠠᠵᠤ᠂ ᠥᠪᠡᠷ ᠤᠨ ᠳᠤᠷᠠᠲᠠᠢ᠂ ᠥᠪᠡᠷ ᠤᠨ ᠳᠤᠷ᠎ᠠ ᠪᠠᠭ᠋ᠠᠲᠠᠢ ᠲᠤᠰᠬᠠᠢ ᠮᠡᠷᠭᠡᠵᠢᠯ ᠢᠶᠠᠨ ᠰᠣᠩᠭᠤᠵᠤ ᠪᠣᠯᠣᠨ᠎ᠠ᠃ ᠡᠭᠦᠨ ᠤ ᠤᠯᠠᠮ ᠠᠴᠠ ᠨᠡᠶᠢᠭᠡᠮ ᠳᠤ ᠨᠡᠩ ᠰᠠᠶᠢᠨ ᠦᠢᠯᠡᠴᠢᠯᠡᠵᠦ᠂ ᠲᠤᠬᠠᠢ ᠶᠢᠨ ᠭᠠᠵᠠᠷ ᠤᠨ ᠠᠵᠤ ᠦᠢᠯᠡᠰ ᠲᠤ ᠨᠡᠩ ᠰᠠᠶᠢᠨ ᠦᠢᠯᠡᠴᠢᠯᠡᠵᠦ᠂ ᠮᠥᠨ ᠴᠦ ᠮᠠᠨ ᠤ ᠲᠤᠬᠠᠢ  ᠶᠢᠨ ᠭᠠᠵᠠᠷ ᠤᠨ ᠲᠤᠯᠭᠠᠭᠤᠷᠢ ᠠᠵᠤ ᠦᠢᠯᠡᠰ᠂ ᠠᠵᠢᠯᠴᠢᠨ ᠬᠡᠷᠡᠭᠯᠡᠬᠦ ᠳᠤ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ  ᠢ ᠪᠦᠲᠦᠮᠵᠢᠲᠡᠶ ᠪᠠᠷ ᠰᠢᠢᠳᠪᠦᠷᠢᠯᠡᠵᠦ ᠴᠢᠳᠠᠬᠤ ᠶᠤᠮ᠃
ᠢᠷᠡᠯᠲᠡ᠄ ᠲᠤᠰ ᠰᠦᠯᠵᠢᠶ᠎ᠡ