ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠷᠧᠨ ᠵᠢᠶᠠᠨ ᠭᠤᠸᠠᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/3/1
     2.jpg
     ᠰᠤᠷᠪᠤᠯᠵᠢᠯᠠᠭᠴᠢ᠄ ᠷᠧᠨ ᠵᠢᠶᠠᠨ ᠭᠤᠸᠠᠩ ᠲᠥᠯᠥᠭᠡᠯᠡᠭᠴᠢ᠂ ᠲᠠ ᠰᠠᠶᠢᠨ  ᠤᠤ︖ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠵᠢᠴᠢ ᠲᠤᠰᠬᠠᠢ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠲᠤᠬᠠᠢ ᠲᠠ ᠶᠠᠮᠠᠷ ᠶᠠᠮᠠᠷ ᠰᠠᠨᠠᠭᠤᠯᠭ᠎ᠠ ᠳᠤᠷᠠᠳᠤᠭᠰᠠᠨ ᠪᠣᠶ︖      ᠷᠧᠨ ᠵᠢᠶᠠᠨ ᠭᠤᠸᠠᠩ ᠲᠥᠯᠥᠭᠡᠯᠡᠭᠴᠢ᠄ ᠬᠢᠶ᠎ᠠ ᠪᠠᠭᠰᠢ ᠲᠣᠭᠤᠷᠢᠭ ᠤᠨ ᠭᠤᠷᠪᠠᠨ ᠳᠡᠰ ᠤᠨ ᠡᠮᠴᠢᠯᠡᠭᠡᠨ ᠤ ᠪᠠᠶᠢᠭᠤᠯᠤᠮᠵᠢ ᠮᠠᠰᠢ ᠡᠯᠪᠡᠭ᠂ ᠬᠢᠶ᠎ᠠ ᠪᠠᠭᠰᠢ ᠲᠣᠭᠤᠷᠢᠭ ᠤᠨ  ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠳᠤ ᠪᠣᠯᠪᠠᠰᠤᠷᠠᠩᠭᠤᠢ ᠪᠣᠯᠣᠭᠠᠳᠤᠢ᠂ ᠨᠢᠭᠡᠨ ᠪᠦᠷᠢᠨ ᠲᠡᠭᠦᠯᠳᠡᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠᠶᠢᠭᠤᠯᠵᠤ᠂ ᠲᠣᠭᠲᠠᠴᠠ ᠶᠢ ᠲᠡᠭᠦᠯᠳᠡᠷᠵᠢᠭᠦᠯᠦᠨ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠢᠯᠡᠴᠢᠯᠡᠭᠡ ᠶᠢ ᠳᠡᠭᠡᠭᠰᠢᠯᠡᠭᠦᠯᠦᠨ᠂ ᠪᠤᠰᠤᠳ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠳᠠᠭᠠᠭᠤᠯᠤᠨ᠂ ᠤᠯᠤᠰ ᠤᠨ ᠡᠮᠨᠡᠯᠭᠡ ᠶᠢᠨ  ᠬᠠᠮᠲᠤᠷᠠᠭᠰᠠᠨ ᠴᠣᠭᠴᠠ ᠶᠢᠨ ᠦᠢᠯᠡᠴᠢᠯᠡᠭᠡ ᠶᠢ ᠶᠠᠪᠤᠭᠳᠠᠭᠤᠯᠵᠤ᠂ ᠬᠥᠮᠥᠨ ᠤ ᠬᠦᠴᠦᠨ ᠡᠳ᠋ ᠪᠣᠳᠠᠰ ᠤᠨ ᠢᠯᠭᠠᠷᠠᠯ ᠢ ᠰᠢᠯᠢᠳᠡᠭᠵᠢᠭᠦᠯᠬᠦ ᠶᠢ ᠬᠦᠰᠡᠵᠦ ᠪᠠᠶᠢᠨ᠎ᠠ᠃ ᠬᠤᠶᠠᠳᠤᠭᠠᠷ ᠲᠤ᠂ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠣᠲᠣ ᠪᠠᠰᠠ ᠰᠠᠭᠤᠭᠠᠯᠢ ᠠᠷᠠᠳ ᠤᠨ ᠲᠣᠭᠤᠷᠢᠭ ᠲᠤ ᠪᠠᠶᠢᠵᠤ᠂ ᠴᠢᠳᠠᠮᠵᠢ ᠪᠠᠨ ᠪᠠᠳᠠᠷᠠᠭᠤᠯᠬᠤ ᠶᠢ ᠨᠥᠯᠥᠭᠡᠯᠡᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠢ ᠨᠥᠯᠥᠭᠡᠯᠡᠵᠦ ᠪᠠᠶᠢᠭ᠎ᠠ ᠪᠣᠯᠬᠤᠷ ᠳᠠᠭᠢᠵᠤ ᠭᠠᠵᠠᠷ ᠰᠣᠩᠭᠤᠬᠤ ᠴᠢᠬᠤᠯᠠᠲᠠᠢ ᠪᠠᠶᠢᠨ᠎ᠠ᠃ ᠭᠤᠷᠪᠠᠳᠤᠭᠠᠷ ᠲᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠠᠮᠵᠢᠯᠲᠠ ᠪᠦᠲᠦᠮᠵᠢ  ᠶᠢ ᠰᠢᠯᠭᠠᠨ ᠬᠢᠨᠠᠬᠤ  ᠳᠦᠷᠢᠮ ᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠦᠨ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠡᠷᠡᠭᠦᠯ ᠡᠩᠬᠡ  ᠬᠢᠶ᠎ᠠ ᠪᠠᠭᠰᠢ  ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃
ᠢᠷᠡᠯᠲᠡ᠄ ᠲᠤᠰ ᠰᠦᠯᠵᠢᠶ᠎ᠡ