ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠯᠢᠦ ᠶᠠᠨ ᠮᠧᠶ  ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/3/1
 3.jpg
    ᠰᠤᠷᠪᠤᠯᠵᠢᠯᠠᠭᠴᠢ᠄ ᠯᠢᠦ ᠶᠠᠨ ᠮᠧᠶ ᠲᠥᠯᠥᠭᠡᠯᠡᠭᠴᠢ᠂ ᠲᠠ ᠰᠠᠶᠢᠨ  ᠤᠤ︖ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ  ᠲᠡᠷᠭᠡᠨ ᠵᠤᠭᠰᠤᠭᠠᠯ  ᠳᠤ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠶᠢ ᠳᠡᠭᠡᠭᠰᠢᠯᠡᠭᠦᠯᠬᠦ ᠪᠠ ᠰᠢᠯᠢᠳᠡᠭᠵᠢᠭᠦᠯᠬᠦ ᠲᠤᠬᠠᠢ ᠲᠠ ᠲᠣᠰ ᠤᠳᠠᠭᠠᠨ ᠤ ᠬᠤᠷᠠᠯ ᠳᠡᠭᠡᠷ᠎ᠡ ᠶᠠᠮᠠᠷ ᠶᠠᠮᠠᠷ ᠰᠠᠨᠠᠭᠤᠯᠭ᠎ᠠ ᠳᠤᠷᠠᠳᠤᠭᠰᠠᠨ ᠪᠣᠶ︖     ᠯᠢᠦ ᠶᠠᠨ ᠮᠧᠶ ᠲᠥᠯᠥᠭᠡᠯᠡᠭᠴᠢ᠄ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠮᠢᠨᠤ ᠰᠠᠨᠠᠭᠤᠯᠭ᠎ᠠ ᠪᠠᠷ ᠪᠣᠯ᠂ ᠨᠢᠭᠡ ᠳᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠠᠴᠠ ᠣᠲᠣ ᠶᠢᠨ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢ ᠦᠨᠡᠯᠡᠨ ᠵᠢᠱᠢᠵᠦ᠂ ᠰᠢᠨ᠎ᠡ ᠪᠠᠷ ᠨᠡᠮᠡᠭᠳᠡᠭᠦᠯᠵᠦ ᠪᠣᠯᠬᠤ ᠴᠠᠬᠢᠯᠭᠠᠨ ᠴᠡᠨᠡᠭᠯᠡᠬᠦ ᠪᠠᠭᠠᠨ᠎ᠠ ᠶᠢᠨ ᠴᠠᠬᠢᠯᠭᠠᠨ ᠪᠠᠭᠲᠠᠭᠠᠮᠵᠢ ᠶᠢᠨ ᠳᠡᠭᠡᠳᠦ ᠬᠢᠵᠠᠭᠠᠷ ᠢ ᠲᠣᠭᠲᠠᠭᠠᠵᠤ᠂ ᠰᠠᠭᠤᠭᠠᠯᠢ ᠠᠷᠠᠳ ᠲᠤ ᠨᠡᠶᠢᠲᠡᠯᠡᠨ᠎ᠡ᠃ ᠴᠠᠬᠢᠯᠭᠠᠨ ᠪᠠᠭᠲᠠᠭᠠᠮᠵᠢ ᠨᠢ ᠬᠢᠵᠠᠭᠠᠷᠯᠠᠭᠳᠠᠭᠰᠠᠨ ᠰᠠᠭᠤᠭᠠᠯᠢ ᠠᠷᠠᠳ ᠤᠨ ᠲᠣᠭᠤᠷᠢᠭ ᠲᠤ᠂ ᠰᠢᠭᠤᠳ ᠴᠠᠬᠢᠯᠭᠠᠨ ᠬᠦᠴᠦᠨ ᠤ ᠰᠠᠯᠠᠭ᠎ᠠ ᠮᠥᠴᠢᠷ ᠠᠴᠠ ᠰᠠᠭᠤᠭᠠᠯᠢ ᠠᠷᠠᠳ ᠤᠨ ᠮᠡᠳᠡᠭᠦᠯᠦᠨ ᠤᠭᠰᠠᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠲᠣ ᠶᠢᠨ ᠪᠠᠶᠢᠭ᠎ᠠ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ  ᠲᠦᠬᠦᠭᠡᠷᠦᠮᠵᠢ  ᠪᠠ ᠴᠠᠬᠢᠯᠭᠠᠨ ᠬᠡᠷᠡᠭᠯᠡᠬᠦ ᠪᠠᠭᠲᠠᠭᠠᠮᠵᠢ ᠶᠢ ᠡᠵᠡᠯᠡᠨ ᠬᠡᠷᠡᠭᠯᠡᠬᠦ ᠦᠭᠡᠢ ᠤᠷᠢᠲᠠᠯ ᠳᠣᠣᠷ᠎ᠠ᠂ ᠴᠠᠬᠢᠯᠭᠠᠨ ᠬᠡᠷᠡᠭᠯᠡᠬᠦ ᠱᠤᠭᠤᠮ᠂ ᠴᠠᠬᠢᠯᠭᠠᠨ ᠬᠡᠷᠡᠭᠯᠡᠬᠦ ᠪᠠᠭᠲᠠᠭᠠᠮᠵᠢ ᠶᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠪ ᠤᠨ ᠴᠠᠬᠢᠯᠭᠠᠨ ᠬᠡᠷᠡᠭᠯᠡᠬᠦ ᠪᠠ ᠰᠠᠭᠤᠭᠠᠯᠢ ᠠᠷᠠᠳ ᠤᠨ ᠰᠢᠨ᠎ᠡ ᠪᠠᠷ ᠨᠡᠮᠡᠭᠳᠡᠭᠦᠯᠬᠦ ᠴᠠᠬᠢᠯᠭᠠᠨ ᠴᠡᠨᠡᠭᠯᠡᠬᠦ ᠱᠣᠩ ᠤᠨ ᠴᠠᠬᠢᠯᠭᠠᠨ ᠪᠠᠭᠲᠠᠭᠠᠮᠵᠢ ᠶᠢᠨ ᠬᠠᠷᠢᠯᠴᠠᠨ ᠨᠥᠯᠥᠭᠡᠯᠡᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠳᠣᠣᠷᠠᠬᠢ ᠲᠡᠷᠭᠡᠨ ᠵᠣᠭᠰᠣᠭᠠᠯ ᠳᠤ ᠥᠭᠡᠷᠡᠴᠢᠯᠡᠯᠲᠡ ᠬᠢᠵᠦ᠂ ᠲᠡᠭᠦᠨ ᠢ ᠭᠠᠯ  ᠰᠡᠷᠭᠡᠶᠢᠯᠡᠬᠦ ᠴᠠᠬᠢᠯᠭᠠᠨ ᠤ ᠪᠠᠭᠲᠠᠭᠠᠮᠵᠢ ᠵᠡᠷᠭᠡ ᠬᠡᠷᠡᠭᠯᠡᠬᠦ ᠱᠠᠭᠠᠷᠳᠠᠯᠭ᠎ᠠ ᠳᠤ ᠨᠡᠶᠢᠴᠡᠭᠦᠯᠵᠦ᠂ ᠭᠠᠵᠠᠷ ᠳᠣᠣᠷᠠᠬᠢ ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ ᠱᠣᠩ ᠤᠭᠰᠠᠷᠠᠬᠤ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃   
ᠢᠷᠡᠯᠲᠡ᠄ ᠲᠤᠰ ᠰᠦᠯᠵᠢᠶ᠎ᠡ