2024 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/1
                 2024 ᠣᠨ ᠤ 2 ᠰᠠᠷ᠎ᠠ ᠶᠢᠨ 28 ᠤ ᠡᠳᠦᠷ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ             ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ                      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠲᠥᠯᠥᠭᠡᠯᠡᠭᠴᠢᠳ ᠡ᠄       ᠤᠳᠤ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ  ᠢ ᠲᠥᠯᠥᠭᠡᠯᠡᠨ ᠶᠡᠭᠡ ᠬᠤᠷᠠᠯ ᠳᠤ ᠠᠵᠢᠯ   ᠤᠨ  ᠢᠯᠡᠳᠬᠡᠯ ᠬᠢᠶ᠎ᠡ ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ  ᠲᠤᠷᠠᠳᠬᠤ ᠪᠤᠯᠪᠠᠤ ᠃        ᠨᠢᠭᠡ᠂ 2023 ᠣᠨ ᠤ ᠠᠵᠢᠯ ᠤᠨ ᠡᠷᠭᠢᠴᠡᠭᠦᠯᠦᠯ        2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ  ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ  ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠦᠬᠦ  ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠨ ᠤᠶᠢᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ 《 ᠭᠤᠷᠪᠠᠨ ᠳᠥᠷᠪᠡᠨ 》 ᠠᠵᠢᠯ ᠤᠨ ᠡᠭᠦᠷᠭᠡ ᠶᠢ  ᠨᠠᠶᠢᠳᠠᠪᠤᠷᠢᠵᠢᠭᠤᠯᠵᠤ᠂ 《 ᠪᠦᠬᠦ ᠲᠠᠯ᠎ᠠ ᠪᠠᠷ ᠬᠥᠭᠵᠢᠭᠦᠯᠵᠦ᠂  ᠬᠠᠭᠴᠠ ᠵᠦᠢᠯ ᠤᠨ ᠮᠠᠩᠯᠠᠢ ᠪᠣᠯᠬᠤ 》 ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 《 ᠠᠯᠤᠰ ᠬᠤᠯᠠ ᠰᠢᠶᠦ᠋ᠩ ᠠᠨ ᠠᠴᠠ ᠰᠤᠷᠤᠯᠴᠠᠵᠤ᠂  ᠤᠶᠢᠷ᠎ᠠ ᠬᠠᠪᠢ ᠶᠢᠨ ᠽᠢ ᠪᠥᠸᠧ  ᠠᠴᠠ ᠰᠤᠷᠤᠯᠴᠠᠬᠤ》 ᠠᠵᠢᠯ ᠤᠨ ᠠᠷᠭ᠎ᠠ ᠵᠠᠮ ᠶᠣᠰᠣᠭᠠᠷ᠂ ᠪᠣᠳᠠᠲᠠᠢ ᠠᠵᠢᠯᠯᠠᠵᠤ ᠰᠢᠨ᠎ᠡ ᠠᠶᠠᠨ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠢᠶᠠᠨ ᠰᠢᠨ᠎ᠡ ᠠᠮᠵᠢᠯᠲᠠ ᠪᠦᠲᠦᠮᠵᠢ ᠡᠭᠦᠳᠴᠦ᠂  ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ  ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠃      ——ᠥᠩᠭᠡᠷᠡᠭᠰᠡᠨ ᠨᠢᠭᠡ ᠵᠢᠯ ᠳᠤ ᠪᠢᠳᠡ ᠳᠠᠷᠤᠯᠲᠠ ᠪᠠᠨ ᠨᠡᠮᠡᠭᠳᠡᠭᠦᠯᠦᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠨᠡᠩ ᠥᠨᠳᠥᠷ ᠳᠡᠭᠲᠡᠷ ᠲᠤ ᠭᠠᠷᠭᠠᠪᠠ ᠃  ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 141 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7 . 3 % ᠨᠡᠮᠡᠭᠳᠡᠵᠦ᠂ ᠪᠦᠬᠦ ᠬᠤᠲᠠ ᠶᠢᠨ ᠨᠡᠮᠡᠭᠳᠡᠯ  ᠤᠨ ᠬᠤᠷᠳᠤᠴᠠ ᠠᠴᠠ ᠥᠨᠳᠥᠷ ᠪᠣᠯᠪᠠ ᠃  ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 59 . 6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27 . 9 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 34 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠠᠲᠤᠯᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 75 . 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 9 . 3 % ᠨᠡᠮᠡᠭᠳᠡᠵᠦ᠂ ᠨᠡᠮᠡᠭᠳᠡᠯ  ᠤᠨ ᠬᠤᠷᠳᠤᠴᠠ 25 ᠰᠠᠷ᠎ᠠ ᠳᠠᠷᠠᠭᠠᠯᠠᠨ ᠪᠦᠬᠦ ᠬᠤᠲᠠ ᠶᠢᠨ ᠲᠡᠷᠢᠭᠦᠨ ᠳᠤ ᠣᠷᠣᠪᠠ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠩᠬ᠎ᠠ ᠤᠳᠠᠭ᠎ᠠ 6 ᠲᠦᠮᠡᠨ ᠲᠥᠭᠦᠷᠢᠭ ᠢ ᠳᠠᠪᠠᠪᠠ᠃ ᠡᠩ  ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13 ᠳ᠋ᠦᠩᠰᠢᠭᠤᠷ ᠲᠥᠭᠦᠷᠢᠭ ᠢ ᠳᠠᠪᠠᠪᠠ ᠃ ᠥᠭᠴᠡᠭᠡᠨ ᠤ ᠲᠦᠭᠰᠢᠭᠦᠷᠢ ᠶᠢ 《 ᠤᠯᠠᠪᠤᠷ ᠲᠤᠭ᠎ᠠ ᠨᠢ ᠪᠠᠭᠤᠷᠠᠬᠤ 》 ᠵᠡᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ ᠃      ——ᠥᠩᠭᠡᠷᠡᠭᠰᠡᠨ ᠨᠢᠭᠡ ᠵᠢᠯ ᠳᠤ᠂ ᠪᠢᠳᠠ ᠬᠠᠷᠠᠯᠲᠠ ᠲᠠᠢ ᠪᠠᠷ ᠬᠦᠴᠦᠯᠡᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠨᠡᠩ ᠪᠠᠬᠢᠵᠢᠪᠡ ᠃ ᠭᠡᠷ᠎ᠡ ᠲᠣᠭᠲᠠᠨ ᠠᠷᠠᠯᠵᠢᠶᠠᠴᠢᠨ ᠤᠷᠢᠬᠤ ᠲᠥᠷᠦᠯ ᠵᠦᠢᠯ 90 ᠶᠢ  ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ( ᠥᠪᠡᠷᠲᠡᠭᠡᠨ ᠵᠠᠰᠠᠬᠤ ᠣᠷᠣᠨ ᠤ ᠭᠠᠳᠠᠨ᠎ᠠ ) ᠶᠢᠨ ᠪᠡᠯᠡ ᠮᠥᠩᠭᠦ 9 . 24 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ  ᠤᠨ ᠬᠤᠷᠳᠤᠴᠠ ᠨᠢ ᠪᠦᠬᠦ ᠬᠤᠲᠠ ᠶᠢᠨ ᠨᠢᠭᠡᠳᠦᠭᠡᠷ ᠲᠤ ᠣᠷᠣᠪᠠ ᠃ ᠵᠠᠬ᠎ᠠ ᠳᠡᠯᠭᠡᠭᠦᠷ ᠤᠨ ᠭᠤᠤᠯ ᠴᠣᠭᠴᠠ 1 . 26 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 53 % ᠨᠡᠮᠡᠭᠳᠡᠪᠡ ᠃ ᠶᠡᠷᠦᠩᠬᠡᠶ ᠬᠡᠯᠲᠡᠰ ᠤᠨ ᠠᠵᠤ ᠠᠬᠤᠶ᠂ ᠮᠥᠩᠭᠦᠨ ᠭᠦᠶᠯᠭᠡᠭᠡᠨ ᠤ ᠠᠵᠢᠯ ᠲᠥᠷᠥᠯ ᠲᠦᠷᠭᠡᠨ ᠬᠥᠭᠵᠢᠵᠦ᠂ ᠴᠢᠩ ᠴᠦᠨ ᠱᠠᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ᠂ ᠲᠣᠭᠠᠴᠢᠯᠠᠭᠰᠠᠨ ᠮᠥᠩᠭᠦᠨ ᠭᠦᠶᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠦᠨᠳᠦᠰᠦᠨ ᠳᠤ ᠪᠠᠨ ᠣᠷᠣᠵᠤ ᠰᠠᠭᠤᠬᠤ ᠨᠥᠬᠦᠴᠡᠯ ᠢ ᠪᠦᠷᠢᠯᠳᠦᠭᠦᠯᠪᠡ᠃ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ 1 ᠨᠡᠮᠡᠭᠳᠡᠵᠦ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ  ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ 8 ᠨᠡᠮᠡᠭᠳᠡᠪᠡ ᠃ ᠲᠣᠭᠠᠴᠢᠯᠠᠭᠰᠠᠨ ᠠᠵᠤ ᠠᠬᠤᠢ ᠲᠦᠷᠭᠡᠨ ᠪᠣᠶᠢᠵᠢᠵᠤ᠂ 《  ᠳ᠋ᠥᠸᠧ ᠳ᠋ᠥᠸᠧ ᠦᠨᠡᠯᠡᠯᠲᠡ 》 ᠶᠢᠨ ᠲᠠᠪᠴᠠᠩ  ᠤᠨ ᠪᠦᠬᠦ ᠬᠤᠲᠠ ᠳᠤ ᠳᠠᠩᠰᠠᠯᠠᠭᠤᠯᠤᠭᠰᠠᠨ ᠬᠥᠮᠦᠨ ᠤ ᠲᠤᠭ᠎ᠠ 127 . 32 ᠲᠦᠮᠡ ᠳᠤ ᠬᠦᠷᠴᠦ᠂  ᠨᠠᠶᠢᠯᠡᠭᠦᠯᠥᠨ ᠣᠯᠭᠤᠬᠤ ᠠᠷᠠᠯᠵᠢᠶᠠᠨ ᠤ ᠶᠡᠷᠦᠩᠬᠡᠢ ᠲᠤᠭ᠎ᠠ 11 ᠳ᠋ᠦᠩᠰᠢᠭᠤᠷ ᠲᠥᠭᠦᠷᠢᠭ ᠢ ᠳᠠᠪᠠᠪᠠ᠃ ᠰᠢᠨ᠎ᠡ ᠡᠨᠧᠷᠭᠢ ᠶᠢᠨ ᠣᠶᠤᠨᠴᠢ ᠰᠦᠯᠵᠢᠶᠡᠨ ᠤ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠡᠷᠡᠭᠯᠡᠭᠡᠨ ᠤ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠢᠯᠣᠭᠤᠴᠢ ᠥᠬᠡᠶ ᠮᠠᠰᠢᠨ ᠲᠡᠷᠭᠡᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠪᠠ ᠃ ᠬᠡᠷᠡᠭᠯᠡᠭᠡᠨ ᠤ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠷᠣᠯᠠᠭᠤᠯᠬᠤ ᠲᠥᠪ ᠵᠢᠩᠬᠢᠨᠢ ᠪᠠᠷ ᠠᠵᠢᠯᠯᠠᠵᠤ᠂ 24 ᠠᠵᠤ ᠠᠬᠤᠶᠢᠯᠠᠯ ᠣᠷᠣᠵᠤ ᠰᠠᠭᠤᠷᠢᠰᠢᠨ᠂ ᠪᠣᠷᠣᠯᠠᠭᠤᠯᠤᠯᠲᠠ ᠶᠢᠨ ᠬᠡᠮᠵᠢᠶ᠎ᠡ 15 ᠳ᠋ᠦᠩᠰᠢᠭᠤᠷ ᠲᠥᠭᠦᠷᠢᠭ ᠲᠤ ᠬᠥᠷᠪᠡ᠃  ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠦᠷᠭᠡᠳᠬᠡᠨ ᠡᠮᠬᠢᠯᠡᠨ ᠨᠡᠶᠢᠯᠡᠭᠦᠯᠵᠦ᠂ 《 5·19  ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ 》 ᠤᠨ ᠥᠪᠥᠷ ᠮᠣᠩᠭᠤᠯ ᠤᠨ ᠬᠤᠪᠢᠶᠠᠷᠢ ᠲᠠᠯᠠᠪᠠᠶ ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ 《 2023  ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠤᠲᠠ ᠲᠣᠭᠤᠷᠢᠭ 》  ᠲᠤ ᠠᠮᠵᠢᠯᠲᠠ ᠲᠠᠢ ᠰᠣᠩᠭᠤᠭᠳᠠᠨ ᠣᠷᠣᠵᠤ᠂ ᠪᠥᠬᠦ ᠵᠢᠯ ᠳᠤ ᠵᠤᠭᠠᠴᠠᠭᠰᠠᠳ ᠢ ᠨᠡᠶᠢᠲᠡ 700 ᠲᠦᠮᠡᠨ ᠬᠥᠮᠦᠨ ᠤᠳᠠᠭ᠎ᠠ ᠭᠥᠯᠢᠶᠡᠨ ᠠᠪᠤᠪᠠ ᠃ ᠪᠦᠬᠦ  ᠲᠤᠭᠤᠷᠢᠭ ᠤᠨ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠬᠤᠷᠠᠮᠳᠤᠨ ᠵᠤᠵᠠᠭᠠᠷᠠᠬᠤ ᠬᠠᠨᠳᠤᠰᠢ᠂ ᠥᠷᠨᠢᠨ ᠬᠥᠭᠵᠢᠬᠦ ᠪᠠᠶᠢᠳᠠᠯ ᠢᠯᠡᠳᠲᠡ ᠪᠣᠯᠪᠠ︕      ᠥᠩᠭᠡᠷᠡᠭᠰᠡᠨ ᠨᠢᠭᠡ ᠵᠢᠯ ᠳᠤ᠂ ᠪᠢᠳᠠ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠴᠡᠴᠡᠷᠯᠢᠭ ᠤᠨ ᠬᠤᠳᠠ ᠶᠢᠨ ᠶᠠᠰᠤ ᠴᠢᠨᠠᠷ ᠨᠡᠩ ᠳᠡᠭᠡᠭᠰᠢᠯᠡᠪᠡ ᠃  16 ᠺᠢᠯᠣᠮᠧᠲᠷ ᠬᠤᠲᠠ ᠶᠢᠨ ᠨᠣᠭᠤᠭᠠᠨ  ᠭᠤᠳᠤᠮᠵᠢ  ᠨᠣᠭᠤᠭᠠᠨ ᠵᠠᠮ ᠤᠳᠠᠭᠠᠨ ᠶᠠᠪᠤᠬᠤ ᠰᠢᠰᠲ᠋ᠧᠮ ᠢ ᠪᠠᠶᠢᠭᠤᠯᠵᠤ᠂ 136 ᠾᠧᠺᠲ᠋ᠠᠷ ᠦᠵᠡᠮᠵᠢ ᠶᠢᠨ ᠲᠠᠯᠠᠪᠠᠢ ᠶᠢ ᠳᠡᠭᠡᠭᠰᠢᠯᠡᠭᠦᠯᠦᠨ᠂ 76 ᠲᠦᠮᠡᠨ ᠲᠡᠭᠰᠢ ᠳᠥᠷᠪᠡᠯᠵᠢᠨ ᠮᠧᠲᠷ  ᠭᠠᠵᠠᠷ ᠢ ᠨᠣᠭᠤᠭᠠᠷᠠᠭᠤᠯᠤᠨ ᠥᠭᠡᠷᠡᠴᠢᠯᠡᠵᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠢ ᠶᠢ 96 . 22 ᠲᠡᠭᠰᠢ ᠳᠥᠷᠪᠡᠯᠵᠢᠨ ᠮᠧᠲᠷ  ᠲᠤ ᠬᠦᠷᠭᠡᠵᠦ᠂ ᠬᠤᠲᠠ ᠶᠢᠨ ᠠᠷᠠᠳ ᠤᠨ ᠵᠤᠭᠠᠴᠠᠨ ᠰᠡᠯᠡᠭᠦᠴᠡᠬᠦ ᠦᠵᠡᠮᠵᠢ ᠶᠢᠨ ᠣᠷᠣᠨ ᠵᠠᠢ ᠶᠢ ᠦᠨᠳᠦᠰᠦᠨ ᠳᠡᠭᠡᠨ  ᠪᠥᠷᠢᠯᠳᠥᠭᠦᠯᠪᠡ ᠃ ᠣᠷᠣᠨ ᠰᠠᠭᠤᠴᠠ ᠶᠢᠨ ᠲᠣᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠰᠢᠨ ᠪᠧᠢ ᠨᠡᠶᠢᠭᠡᠮ ᠲᠣᠭᠤᠷᠢᠭ ᠤᠨ 66 ᠰᠠᠭᠤᠷᠢ ᠣᠷᠣᠨ ᠰᠠᠭᠤᠴᠠ ᠶᠢᠨ ᠠᠰᠠᠷ ᠢ ᠵᠠᠰᠠᠨ ᠰᠢᠨᠡᠳᠬᠡᠪᠡ᠃ ᠰᠠᠭᠤᠭᠠᠯᠢ ᠲᠣᠭᠤᠷᠢᠭ ᠲᠤ 31 ᠴᠠᠬᠢᠯᠭᠠᠨ ᠱᠠᠲᠤ ᠨᠡᠮᠡᠵᠦ  ᠤᠭᠰᠠᠷᠠᠵᠤ᠂ ᠴᠠᠬᠢᠯᠭᠠᠨ ᠱᠠᠳᠤ ᠨᠡᠮᠡᠵᠤ ᠤᠭᠰᠠᠷᠠᠭᠰᠠᠨ ᠲᠤᠭ᠎ᠠ ᠵᠠᠭᠤ ᠢ ᠲᠠᠪᠠᠪᠠ᠃ ᠳᠤᠯᠠᠭᠠᠯᠠᠭ᠎ᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠤᠯᠠᠭᠠᠯᠠᠭ᠎ᠠ ᠶᠢᠨ ᠠᠰᠠᠭᠤᠳᠠᠯ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ᠂ 1 . 2 ᠲᠦᠮᠡᠨ ᠬᠡᠰᠡᠭ ᠣᠶᠤᠨᠴᠢ ᠳᠤᠯᠠᠭᠠᠯᠠᠭ᠎ᠠ ᠶᠢᠨ ᠲᠥᠬᠦᠭᠡᠷᠦᠮᠵᠢ ᠶᠢ ᠤᠭᠰᠠᠷᠠᠪᠠ ᠃ ᠤᠶᠤᠨᠲᠤ ᠵᠠᠮ ᠬᠠᠷᠢᠯᠴᠠᠭ᠎ᠠ᠂ ᠤᠶᠤᠨᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠠᠪᠴᠠᠩ ᠢ ᠡᠬᠢᠯᠡᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ  ᠲᠡᠭᠡᠭᠰᠢᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠶ  ᠶᠢᠨ ᠭᠠᠵᠠᠷ ᠤᠨ ᠬᠤᠷᠠᠯ ᠢ ᠥᠨᠳᠥᠷ ᠲᠦᠪᠰᠢᠨ ᠢᠶᠠᠷ ᠳᠠᠭᠠᠭᠠᠨ ᠡᠷᠬᠢᠯᠡᠪᠡ ᠃ 《 ᠠᠭᠤᠴᠢᠯᠠᠬᠤ ᠪᠠ ᠴᠢᠩᠭ᠎ᠠ ᠰᠢᠳᠬᠡᠬᠦ ᠶᠢ ᠬᠤᠣᠰᠯᠠᠭᠤᠯᠵᠤ᠂ ᠬᠠᠷᠢᠮᠠᠬᠠᠶ  ᠴᠢᠨᠠᠷᠲᠠᠢ ᠪᠠᠷ ᠬᠢᠨᠠᠨ ᠬᠠᠮᠢᠶᠠᠷᠬᠤ᠂ ᠤᠶᠠᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ 》 ᠣᠶᠢᠯᠠᠭᠠᠭᠳᠠᠬᠤᠨ ᠨᠢ ᠬᠤᠲᠠ ᠶᠢᠨ ᠬᠠᠮᠢᠶᠠᠷᠤᠯᠲᠠ ᠶᠢᠨ ᠪᠦᠬᠦ ᠶᠠᠪᠤᠴᠠ  ᠳᠤ ᠲᠤᠭᠤᠰᠢᠯᠠᠭᠳᠠᠵᠤ᠂ 138 ᠵᠤᠷᠪᠤᠰ 《 ᠠᠩᠬ᠎ᠠ ᠤᠳᠠᠭ᠎ᠠ ᠵᠥᠷᠢᠴᠡᠪᠡᠯ ᠰᠢᠢᠳᠬᠡᠬᠦ ᠦᠭᠡᠢ 》 ᠵᠦᠢᠯᠡᠰ ᠢ ᠪᠠᠶᠢᠭᠤᠯᠵᠤ᠂ 49 ᠬᠡᠰᠡᠭ 《 ᠳᠤᠯᠠᠭᠠᠮᠵᠢ  ᠶᠢᠨ ᠬᠤᠲᠠ ᠶᠢᠨ e ᠦᠷᠲᠡᠭᠡ 》 ᠪᠠ 16 ᠬᠡᠰᠡᠭ ᠠᠷᠠᠳ ᠲᠤ ᠲᠦᠭᠦᠮ ᠦᠵᠡᠭᠦᠯᠬᠦ ᠵᠢᠯᠣᠭᠤᠳᠤᠮᠵᠢ ᠶᠢᠨ ᠴᠡᠭ ᠢ ᠪᠠᠶᠢᠭᠤᠯᠵᠤ᠂ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠣᠷᠣᠨ ᠪᠦᠰᠡ ᠳᠤ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠠᠷᠠᠳ ᠤᠯᠠᠨ  ᠴᠠᠭ ᠢᠮᠠᠭᠲᠠ ᠴᠠᠭᠳᠠᠭ᠎ᠠ ᠲᠠᠢ᠂ ᠴᠠᠭᠳᠠᠭᠠᠨ ᠤ ᠲᠡᠷᠭᠡ ᠲᠠᠢ᠂ ᠰᠡᠷᠡᠮᠵᠢ ᠶᠢᠨ ᠳ᠋ᠧᠩ ᠲᠠᠢ᠂ ᠬᠤᠲᠠ ᠶᠢ ᠨᠡᠩ ᠢᠯᠡᠭᠦᠦ 《 ᠦᠩᠭᠡ ᠵᠢᠰᠦ 》 ᠪᠠ 《 ᠳᠤᠯᠠᠭᠠᠨ ᠤ ᠬᠡᠮᠵᠢᠶ᠎ᠡ 》 ᠲᠠᠢ ᠪᠣᠯᠭᠠᠪᠠ        ——ᠥᠩᠭᠡᠷᠡᠭᠰᠡᠨ ᠨᠢᠭᠡ ᠵᠢᠯ ᠳᠤ᠂ ᠪᠢᠳᠡ ᠰᠤᠷᠤᠯᠴᠠᠯᠭ᠎ᠠ ᠪᠠᠷ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠴᠠ ᠨᠡᠩ ᠴᠢᠩᠭ᠎ᠠ ᠠᠮᠢᠵᠢᠷᠠᠯ ᠤᠨ ᠬᠦᠴᠦᠨ ᠲᠠᠢ ᠪᠣᠯᠵᠠᠢ ᠃ ᠪᠦᠬᠦ ᠲᠠᠯ᠎ᠠ ᠪᠠᠷ ᠬᠥᠭᠵᠢᠭᠦᠯᠬᠦ 39 ᠵᠦᠢᠯ ᠤᠨ ᠵᠢᠱᠢᠭᠰᠡᠨ ᠬᠠᠷᠠᠯᠲᠠ ᠪᠠ ᠳᠠᠩ ᠵᠦᠢᠯ ᠤᠨ ᠮᠠᠩᠯᠠᠶ ᠪᠣᠯᠬᠤ ᠵᠢᠱᠢᠭᠰᠡᠨ ᠬᠠᠷᠠᠯᠲᠠ ᠶᠢ ᠲᠤᠰ ᠲᠤᠰ ᠪᠡᠶᠡᠯᠡᠭᠦᠯᠪᠡ ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ 《 ᠭᠡᠷᠡᠴᠢ ᠥᠬᠡᠶ ᠬᠤᠲᠠ ᠲᠣᠭᠤᠷᠢᠭ 》 ᠢ ᠠᠮᠵᠢᠯᠲᠠ ᠲᠠᠢ ᠪᠠᠶᠢᠭᠤᠯᠪᠠ ᠃ 《 ᠬᠢᠶ᠎ᠠ ᠪᠠᠭᠰᠢ ᠲᠣᠭᠤᠷᠢᠭ  ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠶᠢ ᠬᠡᠷᠡᠭᠵᠢᠭᠦᠯᠬᠦ ᠲᠥᠰᠦᠯ 》 ᠢ ᠲᠣᠭᠲᠠᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠢᠯᠢᠳᠡᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠪᠠ᠃  ᠰᠢᠨᠵᠢᠯᠡᠬᠦ ᠤᠬᠠᠭᠠᠨ ᠢᠶᠠᠷ ᠰᠢᠨ᠎ᠡ ᠶᠢ ᠡᠭᠦᠳᠬᠦ ᠬᠥᠴᠥᠨ  ᠢ ᠦᠷᠭᠦᠯᠵᠢᠯᠡᠨ ᠴᠢᠩᠭᠠᠷᠠᠭᠤᠯᠵᠤ᠂ ᠣᠷᠳᠣᠰ ᠤᠨ ᠲᠤᠷᠰᠢᠯᠲᠠ ᠶᠢᠨ ᠲᠠᠰᠤᠭ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠠᠮᠵᠢᠯᠲᠠ ᠲᠠᠢ ᠨᠠᠶᠢᠳᠠᠪᠤᠷᠢᠵᠢᠭᠤᠯᠤᠭᠳᠠᠵᠤ᠂ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 28 ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠪᠠ ᠰᠢᠨ᠎ᠡ ᠶᠢ ᠡᠭᠦᠳᠬᠦ 6 ᠠᠵᠤ ᠠᠬᠤᠶᠢᠯᠠᠯ᠂ ᠪᠥᠬᠦ ᠵᠢᠯ ᠤᠨ ᠰᠤᠳᠤᠯᠤᠨ ᠨᠡᠭᠡᠭᠡᠬᠦ ᠵᠠᠷᠤᠳᠠᠯ 1 ᠳ᠋ᠦᠩᠰᠢᠭᠤᠷ ᠲᠥᠭᠦᠷᠢᠭ ᠢ ᠳᠠᠪᠠᠪᠠ ᠃ ᠭᠠᠳᠠᠭᠠᠳᠤ ᠯᠤᠭ᠎ᠠ ᠶᠢᠨ ᠪᠠ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠨᠢᠭᠡ ᠠᠯᠬᠤᠮ ᠭᠦᠨᠵᠡᠭᠡᠶᠢᠷᠡᠵᠦ᠂ ᠭᠠᠳᠠᠭᠠᠳᠤ ᠪᠠᠯᠠ ᠶᠢ ᠪᠣᠳᠠᠲᠠᠶ ᠠᠰᠢᠭᠯᠠᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠣᠷᠳᠣᠰ ᠤᠨ 《 ᠱᠧᠨᠵᠧᠨ ᠤ ᠤᠷᠤᠨ ᠠᠯᠤᠰᠯᠠᠭᠰᠠᠨ ᠭᠠᠵᠠᠷ 》 ᠫᠠᠶᠢᠰᠠ ᠡᠯᠭᠦᠨ ᠠᠵᠢᠯᠯᠠᠵᠤ᠂ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ 《 ᠤᠷᠤᠨ ᠠᠯᠤᠰᠯᠠᠭᠰᠠᠨ ᠭᠠᠵᠠᠷ 》 ᠲᠤ ᠣᠷᠣᠵᠤ᠂  ᠬᠢᠶ᠎ᠠ ᠪᠠᠭᠰᠢ ᠳᠤ ᠳᠠᠩᠰᠠᠯᠠᠭᠤᠯᠪᠠ ᠃ ᠪᠦᠬᠦ  ᠲᠤᠭᠤᠷᠢᠭ ᠤᠨ ᠬᠥᠭᠵᠢᠯᠲᠡ ᠶᠢᠨ ᠬᠥᠳᠡᠯᠭᠡᠬᠦ ᠬᠦᠴᠦᠨ ᠲᠦᠷᠭᠡᠨ ᠪᠠᠳᠠᠷᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠭᠦᠢᠴᠡᠳ ᠪᠠᠳᠠᠷᠠᠵᠤ᠂ ᠬᠥᠭᠵᠢᠯᠲᠡ ᠶᠢᠨ ᠢᠷᠡᠭᠡᠳᠦᠢ ᠨᠡᠩ ᠭᠡᠭᠡᠨ ᠰᠠᠷᠠᠭᠤᠯ ᠪᠣᠯᠪᠠ︕      ——ᠥᠩᠭᠡᠷᠡᠭᠰᠡᠨ ᠨᠢᠭᠡ ᠵᠢᠯ ᠳᠤ᠂ ᠪᠢᠳᠡ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠵᠦ᠂ ᠨᠡᠶᠢᠭᠡᠮ ᠤᠨ ᠦᠢᠯᠡᠰ ᠨᠡᠩ ᠶᠡᠭᠡ ᠲᠠᠪᠰᠢᠯᠳᠠ  ᠲᠠᠢ ᠪᠣᠯᠪᠠ ᠃ ᠠᠷᠠᠳ ᠤᠨ ᠠᠮᠢᠳᠤᠷᠠᠯ ᠤᠨ ᠠᠵᠢᠯ ᠦᠶᠯᠡᠰ ᠤᠨ ᠬᠥᠭᠵᠢᠯᠲᠡ ᠶᠢ ᠤᠷᠢᠳᠠᠪᠠᠷ ᠪᠠᠲᠤᠯᠠᠵᠤ᠂ ᠪᠥᠬᠦ  ᠲᠤᠭᠤᠷᠢᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 76 % ᠶᠢ  ᠡᠵᠡᠯᠡᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 2 . 4 % ᠠᠴᠠ ᠳᠣᠷᠣᠭᠰᠢ ᠪᠠᠶᠢᠯᠭᠠᠬᠤ ᠶᠢ ᠪᠠᠲᠤᠯᠠᠵᠤ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠥᠬᠡᠶ ᠪᠣᠯᠭᠠᠬᠤ ᠶᠢ  ᠪᠠᠲᠤᠯᠠᠪᠠ ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ 30 ᠵᠦᠶᠯ ᠤᠨ ᠠᠷᠭ᠎ᠠ ᠬᠡᠮᠵᠢᠶ᠎ᠡ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ 8 ᠵᠦᠶᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ 42 ᠰᠤᠷᠭᠠᠭᠤᠯᠢ ᠳᠤ ᠰᠠᠭᠤᠭ᠎ᠠ ᠲᠤᠰᠬᠠᠶ ᠲᠤᠰᠢᠶᠠᠯᠲᠤ ᠰᠤᠷᠭᠠᠭᠤᠯᠢ ᠶᠢᠨ ᠴᠠᠭᠳᠠᠭ᠎ᠠ ᠲᠣᠬᠢᠷᠠᠭᠤᠯᠵᠤ᠂ ᠵᠠᠯᠠᠭᠤ ᠪᠠᠭᠰᠢ ᠶᠢᠨ ᠨᠡᠶᠢᠲᠡ ᠶᠢᠨ ᠣᠷᠣᠨ ᠰᠠᠭᠤᠴᠠ ᠶᠢ 106 ᠢᠵᠢ ᠬᠡᠷᠡᠭᠯᠡᠪᠡ ᠃ 1 ᠰᠠᠭᠤᠷᠢ ᠪᠠᠭ᠎ᠠ ᠰᠤᠷᠭᠠᠭᠤᠯᠢ᠂ 2 ᠰᠠᠭᠤᠷᠢ ᠬᠡᠦᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ ᠃ 5 ᠰᠤᠷᠭᠠᠭᠤᠯᠢ   ᠶᠢᠨ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠪᠥᠬᠦ ᠤᠯᠤᠰ ᠤᠨ ᠲᠠᠪᠤᠳᠤᠭᠠᠷ ᠲᠤ ᠣᠷᠣᠵᠤ᠂ ᠪᠠᠷᠠᠭᠤᠨ ᠣᠷᠣᠨ ᠳᠤ ᠨᠢᠭᠡᠳᠦᠭᠡᠷ ᠲᠤ ᠣᠷᠣᠵᠤ᠂ ᠤᠯᠤᠰ ᠤᠨ 《 ᠣᠷᠣᠨ ᠨᠤᠲᠤᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ 》 ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ ᠃ ᠥᠪᠡᠷᠲᠡᠭᠡᠨ ᠵᠠᠰᠠᠬᠤ ᠣᠷᠣᠨ ᠤ 《 ᠠᠷᠪᠠᠳᠤᠭᠠᠷ  ᠲᠠᠪᠤᠳᠤᠭᠠᠷ ᠬᠤᠭᠤᠴᠠᠭᠠᠨ ᠲᠠᠮᠢᠷ ᠤᠨ ᠴᠤᠭᠯᠠᠭᠠᠨ 》 ᠪᠣᠯᠤᠨ 《  ᠵᠢᠷᠭᠤᠳᠤᠭᠠᠷ  ᠬᠤᠭᠤᠴᠠᠭᠠᠨ ᠤ ᠵᠡᠮᠳᠡᠭᠴᠤᠳ ᠤᠨ ᠲᠠᠮᠢᠷ ᠤᠨ ᠴᠤᠭᠯᠠᠭᠠᠨ 》 ᠶᠢᠨ ᠤᠷᠤᠭᠰᠢᠲᠠᠶ ᠶᠠᠪᠤᠭᠳᠠᠬᠤ ᠶᠢ ᠥᠨᠳᠥᠷ ᠪᠠᠷᠢᠮᠵᠢᠶ᠎ᠠ ᠪᠠᠷ  ᠪᠠᠳᠤᠯᠠᠪᠠ ᠃ 2 ᠨᠡᠶᠢᠭᠡᠮ ᠲᠣᠭᠤᠷᠢᠭ  ᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠨᠡᠶᠢᠭᠡᠮ ᠲᠣᠭᠤᠷᠢᠭ ᠤᠨ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠦᠶᠯᠡᠴᠢᠯᠡᠭᠡᠨ ᠤ ᠲᠤᠷᠰᠢᠯᠲᠠ ᠶᠢᠨ ᠴᠢᠭ ᠪᠣᠯᠭᠠᠵᠤ᠂ ᠪᠦᠬᠦᠯᠢ 70 ᠨᠠᠰᠤᠨ ᠠᠴᠠ ᠳᠡᠭᠡᠭᠰᠢᠬᠢ ᠡᠷᠦᠬᠡ ᠠᠮᠠ ᠶᠢᠨ ᠬᠠᠷᠢᠶ᠎ᠠ ᠲᠠᠢ ᠨᠠᠰᠤᠲᠠᠳ ᠲᠤ ᠰᠠᠷ᠎ᠠ ᠪᠦᠷᠢ 《 ᠪᠠᠩᠬᠢ ᠲᠠᠷᠬᠠᠭᠠᠭᠰᠠᠨ ᠬᠤᠷᠠᠮᠳᠤᠯ ᠬᠤᠪᠢ 》 ᠶᠢ  ᠬᠥᠷᠭᠡᠵᠤ ᠂  ᠪᠢᠨ ᠾᠧ ᠵᠡᠭᠡᠯᠢ ᠭᠤᠳᠤᠮᠵᠢ ᠶᠢᠨ ᠺᠠᠩ ᠴᠧᠩ ᠨᠡᠶᠢᠭᠡᠮ ᠲᠣᠭᠤᠷᠢᠭ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠲᠤ ᠰᠣᠩᠭᠤᠭᠳᠠᠪᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ  ᠢᠶᠠᠷ ᠰᠢᠶᠳᠪᠦᠷᠢ ᠭᠠᠷᠭᠠᠭᠰᠠᠨ ᠠᠷᠠᠳ ᠤᠨ ᠠᠮᠢᠳᠤᠷᠠᠯ ᠤᠨ 7 ᠪᠣᠳᠠᠲᠤ ᠶᠠᠪᠤᠳᠠᠯ ᠤᠨ ᠲᠥᠷᠥᠯ ᠵᠦᠶᠯ ᠢ ᠴᠢᠨᠠᠷ ᠰᠠᠶᠢᠲᠠᠶ ᠪᠡᠶᠡᠯᠡᠭᠦᠯᠪᠡ ᠃ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢᠯᠡᠳᠲᠡ ᠨᠡᠮᠡᠭᠳᠡᠪᠡ︕      ——ᠥᠩᠭᠡᠷᠡᠭᠰᠡᠨ ᠨᠢᠭᠡ ᠵᠢᠯ ᠳᠤ᠂ ᠪᠢᠳᠠ ᠰᠢᠰᠲ᠋ᠧᠮ ᠲᠠᠢ ᠵᠠᠰᠠᠵᠤ᠂ ᠣᠷᠴᠢᠨ ᠲᠣᠭᠤᠷᠢᠨ ᠤ ᠶᠠᠰᠤ ᠴᠢᠨᠠᠷ ᠨᠡᠩ ᠰᠢᠯᠢᠳᠡᠭ ᠲᠦᠪᠰᠢᠨ ᠳᠤ ᠬᠦᠷᠴᠡᠢ ᠃ 《 ᠭᠤᠷᠪᠠᠨ ᠤᠮᠠᠷᠠᠲᠤ 》 ᠶᠢᠨ ᠬᠠᠯᠬᠠᠪᠴᠢ ᠣᠶ᠂ ᠬᠤᠲᠠ ᠶᠢᠨ ᠲᠣᠭᠤᠷᠢᠭ ᠤᠨ ᠭᠠᠳᠠᠭᠤᠷᠬᠢ ᠠᠭᠯᠠᠭ ᠠᠭᠤᠯᠠ ᠶᠢ ᠨᠣᠭᠤᠭᠠᠷᠠᠭᠤᠯᠬᠤ ᠵᠡᠷᠭᠡ ᠭᠤᠣᠯᠳᠠᠯᠭ᠎ᠠ  ᠲᠠᠢ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠯᠪᠠᠨ ᠵᠢᠷᠤᠮ ᠤᠨ ᠮᠣᠳᠣ ᠲᠠᠷᠢᠬᠤ ᠶᠢ 200 ᠭᠠᠷᠤᠶ ᠮᠦ ᠪᠡᠶᠡᠯᠡᠭᠦᠯᠵᠦ᠂ ᠪᠦᠬᠦ  ᠲᠤᠭᠤᠷᠢᠭ ᠤᠨ ᠣᠶ ᠰᠢᠭᠤᠶ ᠶᠢᠨ ᠲᠠᠯᠠᠪᠠᠶ 1 . 15 ᠲᠦᠮᠡᠨ ᠾᠧᠺᠲ᠋ᠠᠷ ᠲᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ  ᠶᠢᠨ ᠨᠣᠷᠮ᠎ᠠ 80 % ᠳᠤ ᠬᠦᠷᠴᠦ᠂ 《 ᠤᠯᠠᠭᠠᠨ ᠪᠥᠴᠡᠲᠡᠨ ᠤ ᠴᠥᠯᠡᠷᠬᠡᠭᠵᠢᠯ ᠢ ᠵᠠᠰᠠᠭᠰᠠᠨ 》 ᠲᠤᠷᠰᠢᠯᠭ᠎ᠠ ᠶᠢ 《 ᠠᠷᠠᠳ ᠤᠨ ᠡᠳᠦᠷ ᠤᠨ ᠰᠣᠨᠢᠨ 》 ᠰᠢᠰᠲ᠋ᠧᠮ ᠲᠠᠢ ᠮᠡᠳᠡᠭᠡᠯᠡᠭᠰᠡᠨ ᠪᠠᠶᠢᠨ᠎ᠠ ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠠᠪᠬᠠᠢ ᠭᠤᠤ ᠶᠢᠨ ᠵᠢᠵᠢᠭ ᠰᠠᠪᠠ ᠭᠠᠵᠠᠷ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠭᠤᠤᠯ ᠰᠡᠳᠦᠪᠲᠦ ᠵᠢᠱᠢᠶ᠎ᠡ ᠦᠵᠡᠭᠦᠯᠬᠦ ᠬᠦᠷᠢᠶᠡᠯᠡᠩ  ᠪᠤᠯᠭᠠᠪᠠ᠃ ᠬᠠᠷᠢᠶ᠎ᠠ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠨᠢ ᠭᠠᠵᠠᠷ ᠤᠨ ᠭᠠᠳᠠᠷᠭᠤ ᠶᠢᠨ ᠤᠰᠤᠨ ᠤ ᠲᠥᠷᠥᠯ ᠤᠨ ᠪᠠᠷᠢᠮᠵᠢᠶ᠎ᠠ ᠳᠤ ᠲᠣᠭᠲᠠᠭᠤᠨ ᠢᠶᠠᠷ ᠬᠦᠷᠴᠦ᠂ ᠠᠭᠠᠷ ᠤᠨ ᠴᠢᠨᠠᠷ ᠰᠠᠶᠢᠲᠠᠶ ᠡᠳᠦᠷ ᠤᠨ ᠲᠤᠭ᠎ᠠ ᠶᠢ 310 ᠡᠳᠦᠷ ᠠᠴᠠ ᠳᠡᠭᠡᠭᠰᠢ ᠲᠣᠭᠲᠠᠭᠤᠨ ᠪᠠᠶᠢᠯᠭᠠᠪᠠ ᠃ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠬᠥᠮᠦᠨ ᠤ ᠰᠡᠳᠬᠢᠯ ᠢ ᠬᠥᠳᠡᠯᠭᠡᠮ᠎ᠡ ᠵᠢᠷᠤᠭ ᠢ ᠵᠢᠷᠤᠭᠯᠠᠪᠠ︕     ——ᠥᠩᠭᠡᠷᠡᠭᠰᠡᠨ ᠨᠢᠭᠡ ᠵᠢᠯ ᠳᠤ᠂ ᠪᠢᠳᠡ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠨᠡᠩ ᠪᠠᠲᠤᠯᠠᠭ᠎ᠠ ᠲᠠᠢ ᠪᠣᠯᠪᠠ ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠠᠷᠪᠠᠳᠤᠭᠠᠷ ᠪᠦᠯᠦᠭ 《 ᠪᠦᠬᠦ ᠤᠯᠤᠰ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ 》 ᠢᠶᠠᠷ ᠦᠨᠡᠯᠡᠭᠳᠡᠪᠡ ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠠᠶᠤᠯᠭᠦᠶ ᠦᠶᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠶᠤᠨᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ 《 ᠬᠥᠮᠦᠨ ᠢᠶᠠᠷ ᠰᠡᠷᠭᠡᠶᠢᠯᠡᠬᠦ + ᠪᠣᠳᠠᠰ ᠢᠶᠠᠷ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ 》 ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ  ᠪᠠᠶᠢᠭᠤᠯᠪᠠ᠃ 《 ᠳᠥᠷᠪᠡ  ᠶᠢ ᠦᠨᠳᠦᠰᠦᠨ ᠱᠠᠲᠤᠨ ᠳᠤ ᠪᠠᠭᠤᠯᠭᠠᠬᠤ 》 ᠰᠢᠯᠢᠳᠡᠭ ᠤᠯᠠᠮᠵᠢᠯᠠᠯ ᠢ ᠭᠦᠨᠵᠡᠭᠡᠶ ᠦᠢᠯᠡᠳᠦᠯᠭᠡᠵᠢᠭᠦᠯᠦᠨ ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ ᠃ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ  ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠯᠲᠠ ᠳᠤ ᠪᠠᠲᠤᠯᠠᠭᠳᠠᠵᠤ᠂ 《  ᠳ᠋ᠥᠸᠧ ᠳ᠋ᠥᠸᠧ ᠦᠨᠡᠯᠡᠯᠲᠡ  》 ᠶᠢ ᠦᠨᠳᠦᠰᠦᠨ ᠱᠠᠲᠤᠨ ᠤ ᠣᠶᠤᠨᠴᠢ ᠵᠠᠰᠠᠯᠲᠠ ᠶᠢᠨ ᠵᠠᠭᠪᠤᠷ ᠢ  ᠥᠪᠡᠷᠲᠡᠭᠡᠨ ᠵᠠᠰᠠᠬᠤ ᠣᠷᠣᠨ ᠳᠤ ᠪᠥᠬᠦ ᠲᠠᠯ᠎ᠠ ᠪᠠᠷ ᠳᠡᠯᠭᠡᠷᠡᠭᠦᠯᠪᠡ ᠃ 《 ᠠᠮᠤᠷ ᠠᠮᠤᠭᠤᠯᠠᠩ ᠬᠢᠶ᠎ᠠ ᠪᠠᠭᠰᠢ 》 ᠶᠢᠨ ᠪᠥᠲᠥᠭᠡᠨ ᠪᠠᠶᠢᠭᠤᠯᠤᠯᠲᠠ ᠭᠦᠨᠵᠡᠭᠡᠶᠢᠷᠡᠨ ᠠᠭᠢᠵᠤ᠂ ᠬᠤᠶᠠᠷ ᠪᠤᠯᠢᠶᠠᠭᠰᠠᠨ ᠬᠡᠷᠡᠭ ᠪᠠ ᠠᠮᠢᠨ ᠬᠡᠷᠡᠭ ᠡᠭᠦᠰᠬᠦ ᠥᠬᠡᠶ ᠪᠠᠶᠢᠬᠤ ᠶᠢ ᠦᠷᠭᠦᠯᠵᠢᠯᠡᠨ ᠪᠠᠲᠤᠯᠠᠵᠤ᠂ 《 ᠠᠮᠤᠷ ᠠᠮᠤᠭᠤᠯᠠᠩ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ 》 ᠢᠶᠠᠷ ᠦᠨᠡᠯᠡᠭᠳᠡᠪᠡ ᠃ ᠥᠨᠳᠥᠷ ᠲᠦᠪᠰᠢᠨ ᠪᠥᠬᠦᠶ ᠠᠮᠤᠷ ᠲᠦᠪᠰᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠪᠠᠲᠤᠯᠠᠪᠠ  ︕      ——ᠥᠩᠭᠡᠷᠡᠭᠰᠡᠨ ᠨᠢᠭᠡ ᠵᠢᠯ ᠳᠤ᠂ ᠪᠢᠳᠡ ᠰᠤᠷᠲᠠᠯ ᠢᠶᠠᠨ ᠬᠤᠪᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠦᠶᠯᠡᠴᠢᠯᠡᠭᠡᠨ ᠤ ᠬᠢᠷᠢ ᠲᠦᠪᠰᠢᠨ ᠨᠠᠩ ᠦᠷ᠎ᠡ ᠪᠦᠲᠦᠮᠵᠢ ᠲᠠᠢ ᠪᠣᠯᠪᠠ ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠪᠡ ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠶ ᠳᠤᠨᠢ  ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠬᠠᠷᠢᠭᠤ ᠮᠡᠳᠡᠭᠦᠯᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 119 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 64 ᠬᠤᠪᠢ ᠰᠠᠨᠠᠯ ᠳᠤᠷᠠᠳᠤᠯᠭ᠎ᠠ ᠶᠢ ᠭᠦᠶᠴᠡᠳᠬᠡᠵᠦ᠂ ᠭᠦᠶᠴᠡᠳᠬᠡᠵᠦ ᠬᠠᠷᠢᠭᠤᠯᠲᠠ ᠥᠭᠭᠦᠭᠰᠡᠨ ᠨᠣᠷᠮ᠎ᠠ 100 % ᠳᠤ ᠬᠥᠷᠪᠡ ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ  ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠲᠤᠭᠤᠰᠢᠯᠠᠭᠤᠯᠵᠤ᠂ 《 ᠲᠦᠷᠪᠡᠨ ᠰᠤᠷᠲᠠᠯ 》 ᠢ ᠴᠥᠬᠦᠷᠡᠰᠢ ᠦᠭᠡᠢ ᠵᠠᠯᠠᠷᠠᠭᠤᠯᠵᠤ᠂ 《 ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ 》 ᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ ᠃ 《  ᠳ᠋ᠥᠸᠧ  ᠳ᠋ᠥᠸᠧ ᠥᠨᠡᠯᠡᠯᠳᠡ + ᠵᠠᠷᠭᠤ ᠶᠢ ᠬᠦᠯᠢᠶᠡᠨ  ᠠᠪᠴᠤ ᠳᠠᠷᠤᠢ ᠳᠤᠨᠢ ᠭᠦᠢᠴᠡᠳᠬᠡᠬᠦ + ᠬᠢᠶ᠎ᠠ ᠪᠠᠭᠰᠢ ᠲᠤᠭᠤᠷᠢᠭ ᠲᠤ ᠠᠩᠬᠠᠷᠤᠯ ᠢᠶᠠᠨ ᠲᠥᠪᠯᠡᠷᠡᠭᠦᠯᠬᠦ 》 ᠵᠠᠭᠪᠤᠷ ᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠵᠠᠭᠠᠯᠳᠤᠯᠭ᠎ᠠ ᠬᠠᠷᠢᠭᠤ ᠲᠤᠰᠬᠠᠬᠤ ᠠᠷᠭ᠎ᠠ ᠵᠠᠮ ᠢ ᠰᠢᠯᠤᠭᠤᠳᠬᠠᠨ᠂ ᠣᠯᠠᠨ ᠲᠦᠮᠡᠨ ᠤ ᠬᠢᠨᠠᠯᠲᠠ ᠪᠠ ᠵᠠᠭᠤᠴᠢᠯᠠᠭᠤᠷ ᠤᠨ ᠬᠢᠨᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠵᠠᠰᠠᠭ  ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠢᠯᠡ ᠲᠣᠳᠣ ᠶᠢᠨ ᠬᠡᠮᠵᠢᠶ᠎ᠡ ᠶᠢ ᠦᠨᠡᠨᠬᠦ  ᠲᠡᠭᠡᠭᠰᠢᠯᠡᠭᠦᠯᠪᠡ︕       ᠡᠭᠦᠨ ᠠᠴᠠ ᠭᠠᠳᠠᠨ᠎ᠠ᠂ ᠵᠡᠪᠰᠡᠭᠲᠦ ᠠᠵᠢᠯ ᠪᠠ ᠬᠤᠶᠠᠷ ᠢ ᠬᠦᠷᠢᠶᠡᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠳᠠᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ  ᠤᠨ ᠬᠤᠯᠪᠣᠭ᠎ᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠨᠠᠰᠤᠲᠠᠶᠢᠴᠤᠳ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠦᠢᠯᠡᠰ ᠡᠷᠡᠭᠦᠯ  ᠢᠶᠠᠷ ᠬᠥᠭᠵᠢᠵᠦ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠵᠡᠷᠭᠡ ᠠᠵᠢᠯ ᠰᠢᠨ᠎ᠡ ᠠᠬᠢᠴᠠ ᠲᠠᠢ ᠪᠣᠯᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ ᠃       ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠡᠮᠦᠨ᠎ᠡ ᠡᠷᠡᠯᠬᠡᠭ ᠪᠠᠭᠠᠲᠤᠷ  ᠢᠯᠡᠷᠡᠵᠤ᠂ ᠪᠢᠯᠡᠭᠦᠳᠡᠵᠦ ᠪᠠᠶᠢᠮᠠᠨ ᠰᠠᠶ᠋ᠢ ᠠᠮᠵᠢᠯᠲᠠ ᠣᠯᠤᠨ᠎ᠠ  ︕ ᠨᠢᠭᠡ ᠵᠢᠯ ᠤᠨ ᠲᠤᠷᠰᠢ᠂  ᠪᠥᠬᠦ ᠲᠤᠭᠤᠷᠢᠭ ᠤᠨ ᠤᠯᠠᠨ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠬᠢᠶ᠎ᠠ ᠪᠠᠭᠰᠢ ᠲᠣᠭᠤᠷᠢᠭ ᠤᠨ ᠣᠳᠣᠬᠢᠴᠢᠯᠠᠭᠰᠠᠨ ᠭᠤᠤᠯ ᠬᠤᠲᠠ ᠲᠣᠭᠤᠷᠢᠭ ᠳᠠᠰᠢ ᠤᠷᠤᠭᠰᠢᠯᠠᠭᠰᠠᠨ ᠭᠤᠶᠢᠳᠠ ᠰᠠᠶᠢᠬᠠᠨ ᠬᠠᠭᠤᠳᠠᠰᠤ ᠶᠢ ᠬᠠᠮᠲᠤ ᠪᠠᠷ ᠪᠢᠴᠢᠭᠯᠡᠪᠡ ᠃ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ ᠪᠣᠯ ᠦᠨᠳᠦᠰᠦᠨ ᠵᠢᠷᠤᠮᠯᠠᠯ ᠮᠥᠨ᠂ ᠠᠷᠠᠳ ᠤᠨ ᠠᠮᠢᠳᠤᠷᠠᠯ ᠢ ᠳᠡᠭᠡᠳᠦᠯᠡᠬᠦ ᠪᠣᠯ ᠴᠥᠬᠦᠷᠡᠰᠢ ᠦᠭᠡᠢ ᠬᠥᠭᠡᠭᠡᠴᠡᠯᠳᠦᠯ ᠮᠥᠨ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠪᠣᠯ ᠢᠯᠠᠯᠲᠠ ᠤᠯᠬᠤ ᠶᠢᠨ ᠨᠢᠭᠤᠴᠠ ᠨᠣᠮᠧᠷ ᠮᠥᠨ  ᠭᠡᠳᠡᠭ ᠢ ᠪᠢᠳᠡ ᠭᠦᠨᠵᠡᠭᠡᠢ ᠣᠶᠢᠯᠠᠭᠠᠪᠠ ᠃ ᠠᠮᠵᠢᠯᠲᠠ ᠪᠦᠲᠦᠮᠵᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠵᠤ᠂ ᠳᠡᠭᠡᠳᠦ ᠱᠠᠲᠤᠨ ᠤ ᠨᠠᠮ  ᠤᠨ ᠬᠤᠷᠢᠶ᠎ᠠ ᠵᠠᠰᠠᠭ ᠤᠨ ᠣᠷᠳᠣᠨ ᠪᠣᠯᠤᠨ  ᠲᠤᠭᠤᠷᠢᠭ ᠤᠨ ᠨᠠᠮ  ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠤ ᠪᠠᠶᠢᠵᠤ᠂ ᠪᠦᠬᠦ  ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠡᠷᠡᠯᠬᠡᠭᠯᠡᠨ ᠲᠡᠮᠡᠴᠡᠭᠰᠡᠨ ᠳᠤ ᠪᠠᠶᠢᠨ᠎ᠠ ᠃ ᠠᠳᠡ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ  ᠢ ᠲᠥᠯᠥᠭᠡᠯᠡᠨ ᠂ ᠪᠦᠬᠦ  ᠲᠤᠭᠤᠷᠢᠭ ᠤᠨ ᠡᠯ᠎ᠡ ᠦᠨᠳᠦᠰᠦᠲᠡᠨ   ᠤ  ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠺᠠᠳ᠋ᠷ ᠪᠣᠯᠤᠨ ᠨᠡᠶᠢᠭᠡᠮ ᠤᠨ ᠡᠯ᠎ᠡ ᠡᠲᠡᠭᠡᠳ᠂ ᠪᠤᠶ ᠪᠦᠬᠦᠢ ᠬᠢᠶ᠎ᠠ ᠪᠠᠭᠰᠢ  ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠵᠤ᠂ ᠳᠡᠮᠵᠢᠵᠦ᠂ ᠣᠷᠣᠯᠴᠠᠵᠤ᠂ ᠬᠢᠶ᠎ᠠ ᠪᠠᠭᠰᠢ  ᠲᠣᠭᠤᠷᠢᠭ ᠤᠨ ᠬᠥᠭᠵᠢᠯᠲᠡ ᠳᠤ ᠬᠦᠴᠦ ᠬᠥᠯᠥᠰᠥ ᠪᠠᠨ ᠤᠷᠤᠰᠬᠠᠭᠰᠠᠨ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠡ᠂ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠠᠮᠢᠳᠤᠷᠠᠵᠤ᠂ ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ︕ ᠡᠯ᠎ᠡ ᠵᠦᠶᠯ ᠤᠨ ᠠᠵᠢᠯ ᠤᠨ ᠦᠷ᠎ᠡ ᠪᠦᠲᠦᠮᠵᠢ ᠶᠢ ᠳ᠋ᠦᠩᠨᠡᠨ ᠨᠤᠲᠠᠯᠠᠬᠤ ᠶᠢᠨ ᠬᠠᠮᠲᠤ᠂ ᠤᠷᠤᠭᠰᠢᠯᠠᠯᠲᠠ  ᠶᠢᠨ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠄ ᠨᠢᠭᠡ ᠳᠤ ᠠᠵᠤ ᠠᠬᠤᠶ  ᠶᠢᠨ ᠶᠡᠷᠦᠩᠬᠡᠶ ᠬᠡᠮᠵᠢᠶ᠎ᠡ ᠪᠠᠭ᠎ᠠ ᠪᠠᠶᠢᠵᠤ᠂ ᠪᠢᠳᠡ ᠪᠥᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ 19 ᠭᠤᠤᠯ ᠬᠤᠲᠠ ᠲᠣᠭᠤᠷᠢᠭ ᠤᠨ ᠳᠣᠲᠣᠷ᠎ᠠ᠂ ᠶᠡᠷᠦᠩᠬᠡᠶ ᠬᠡᠮᠵᠢᠶ᠎ᠡ ᠶᠢᠨ ᠨᠡᠷᠡᠰ ᠤᠨ ᠵᠢᠭᠰᠠᠭᠠᠯᠲᠠ ᠨᠢ ᠬᠤᠶᠢᠨ᠎ᠠ ᠪᠠᠨ ᠪᠠᠶᠢᠬᠤ ᠮᠥᠷᠲᠡᠭᠡᠨ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ ᠃ ᠬᠤᠶᠠᠷ ᠲᠤ᠂ ᠭᠤᠣᠯᠯᠠᠬᠤ ᠠᠵᠤ ᠦᠢᠯᠡᠰ ᠴᠢᠩᠭ᠎ᠠ ᠪᠤᠰᠤ᠂ ᠲᠣᠳᠣᠷᠬᠠᠢ ᠠᠵᠤ ᠦᠢᠯᠡᠰ ᠤᠨ ᠰᠢᠰᠲ᠋ᠧᠮ ᠬᠠᠷᠠᠬᠠᠨ ᠪᠦᠷᠢᠯᠳᠦᠭᠡᠳᠦᠢ᠂ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠲᠠᠢ ᠠᠵᠤ ᠦᠢᠯᠡᠰ ᠤᠨ ᠲᠦᠷᠦᠯ ᠵᠦᠢᠯ ᠳᠤᠲᠠᠭᠳᠠᠵᠤ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ ᠃ ᠭᠤᠷᠪᠠ ᠳᠤ ᠣᠷᠣᠨ ᠪᠦᠰᠡ ᠶᠢᠨ ᠬᠤᠭᠤᠷᠣᠨᠳᠣᠬᠢ ᠬᠥᠭᠵᠢᠯᠲᠡ ᠪᠠᠰᠠ ᠲᠡᠩᠴᠡᠭᠦᠷᠢ ᠦᠭᠡᠶ ᠪᠠᠶᠢᠵᠤ᠂ ᠭᠤᠣᠯ ᠬᠤᠲᠠ ᠶᠢᠨ ᠲᠣᠭᠤᠷᠢᠭ᠂ ᠤᠮᠠᠷᠠᠲᠤ ᠬᠡᠰᠡᠭ ᠤᠨ ᠬᠡᠰᠡᠭ ᠲᠣᠭᠤᠷᠢᠭ  ᠤᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠯᠦᠭᠡ ᠬᠠᠷᠢᠴᠠᠭᠤᠯᠪᠠᠯ᠂ ᠣᠷᠣᠭᠤᠯᠤᠭᠰᠠᠨ ᠪᠡᠯᠡ ᠮᠥᠩᠭᠦ᠂ ᠣᠶᠤᠨ ᠴᠢᠳᠠᠯ ᠵᠡᠷᠭᠡ ᠲᠠᠯ᠎ᠠ ᠪᠠᠷ ᠮᠥᠨ ᠬᠦ ᠵᠥᠷᠢᠶ᠎ᠡ ᠲᠠᠢ ᠪᠠᠶᠢᠨ᠎ᠠ᠃ ᠳᠥᠷᠪᠡ ᠳᠤ ᠡᠳ᠋ ᠤᠨ ᠬᠦᠴᠦᠨ ᠬᠦᠷᠦᠯᠴᠡᠬᠦ ᠥᠬᠡᠶ᠂ ᠪᠦᠬᠦᠯᠢ ᠴᠣᠭᠴᠠ ᠳᠡᠭᠡᠷ᠎ᠡ ᠪᠠᠨ ᠮᠥᠨ ᠬᠦ 《 ᠬᠤᠭᠤᠯᠠ ᠬᠦᠨᠡᠰᠦᠨ ᠤ ᠡᠳ᠋  ᠤᠨ ᠵᠠᠰᠠᠭ 》 ᠲᠤ ᠬᠠᠷᠢᠶᠠᠯᠠᠭᠳᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠶᠡᠷᠦᠩᠬᠡᠶ ᠬᠡᠮᠵᠢᠶ᠎ᠡ ᠮᠥᠨ ᠬᠦ ᠥᠨᠳᠥᠷ ᠪᠠᠶᠢᠷᠢᠨ ᠳᠤ ᠪᠠᠶᠢᠬᠤ ᠵᠡᠷᠭᠡ ᠪᠣᠯᠤᠨ᠎ᠠ ᠃ ᠡᠭᠦᠨ ᠤ ᠲᠤᠯᠠᠳᠠ᠂ ᠪᠢᠳᠡ 《 ᠰᠢᠯᠭᠠᠯᠲᠠ ᠳᠤ ᠣᠷᠣᠯᠴᠠᠬᠤ 》 ᠶᠢᠨ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠡᠭᠦᠷᠢᠳᠡ ᠪᠠᠲᠤᠯᠠᠵᠤ᠂ ᠪᠣᠳᠠᠲᠠᠶ ᠠᠵᠢᠯᠯᠠᠬᠤ ᠳᠤᠮᠳᠠ ᠰᠠᠶᠢᠨ ᠠᠷᠭ᠎ᠠ ᠪᠣᠳᠣᠯᠭ᠎ᠠ ᠡᠷᠢᠵᠦ᠂ ᠪᠡᠷᠬᠡ ᠰᠡᠳᠦᠪ ᠢ ᠰᠢᠶᠳᠪᠦᠷᠢᠯᠡᠬᠦ ᠳᠤᠮᠳᠠ ᠪᠡᠷᠬᠡ ᠰᠡᠳᠦᠪ ᠢ ᠰᠢᠶᠳᠪᠦᠷᠢᠯᠡᠨ᠂ ᠨᠠᠩ ᠰᠢᠯᠢᠳᠡᠭ ᠬᠢᠷᠢ ᠪᠦᠲᠦᠮᠵᠢ ᠪᠠᠷ ᠠᠷᠠᠳ ᠣᠯᠠᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠠᠷᠢᠭᠤᠯᠬᠤ ᠪᠣᠯᠤᠨ᠎ᠠ ᠃       ᠬᠤᠶᠠᠷ᠂ 2024 ᠣᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ       2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠠᠰᠠ ᠴᠤ ᠬᠢᠶ᠎ᠠ ᠪᠠᠭᠰᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ 20 ᠵᠢᠯ ᠤᠨ ᠣᠶ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠥᠭᠡᠳ ᠬᠠᠷᠢᠭᠤᠴᠠᠯᠭ᠎ᠠ ᠬᠦᠨᠳᠦ ᠶᠡᠭᠡ ᠶᠤᠮ ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ  ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂  ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠠᠷ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠲᠣᠭᠤᠷᠢᠨ ᠳᠤ᠂ 《 ᠭᠤᠷᠪᠠᠨ ᠳᠥᠷᠪᠡᠨ 》 ᠠᠵᠢᠯ ᠤᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠵᠢᠷᠭᠤᠭᠠᠨ ᠶᠡᠭᠡ ᠭᠤᠤᠯᠳᠠᠯᠭ᠎ᠠ ᠲᠠᠢ ᠢᠨᠵᠧᠨᠧᠷᠢᠩ ᠪᠣᠯᠤᠨ ᠵᠢᠷᠭᠤᠭᠠᠨ ᠤᠷᠢᠳ  ᠢᠶᠠᠷ ᠵᠢᠱᠢᠶ᠎ᠡ ᠦᠵᠡᠭᠦᠯᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠣᠳᠣᠬᠢᠴᠢᠯᠠᠭᠰᠠᠨ ᠭᠤᠤᠯ ᠬᠤᠲᠠ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠃      ᠡᠨᠡ ᠵᠢᠯ ᠤᠨ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 7 % ᠠᠴᠠ ᠳᠡᠭᠡᠭᠰᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ 50 ᠬᠦᠴᠦᠷᠬᠡᠭ ᠳᠤᠮᠳᠠ ᠳᠡᠭᠡᠳᠦ ᠤᠷᠤᠰᠬᠠᠯ ᠳᠤ ᠲᠦᠷᠭᠡᠳᠬᠡᠨ ᠣᠷᠣᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠲᠠᠢ  ᠲᠡᠩᠴᠡᠭᠦᠯᠥᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30 % ᠠᠴᠠ ᠳᠡᠭᠡᠭᠰᠢ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 % ᠠᠴᠠ ᠳᠡᠭᠡᠭᠰᠢ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5 % ᠠᠴᠠ ᠳᠡᠭᠡᠭᠰᠢ ᠨᠡᠮᠡᠭᠳᠡᠭᠦᠯᠵᠦ᠂ 2019 ᠣᠨ ᠤ ᠬᠢ ᠠᠴᠠ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠪᠦᠬᠦ ᠰᠠᠭᠤᠭᠠᠯᠢ ᠠᠷᠠᠳ ᠤᠨ ᠣᠷᠣᠯᠭ᠎ᠠ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ᠂ ᠬᠠᠮᠲᠤ ᠪᠠᠷ ᠪᠠᠶᠠᠵᠢᠬᠤ ᠬᠢᠷᠢ ᠬᠡᠮᠵᠢᠶ᠎ᠡ ᠶᠡᠷᠦᠩᠬᠡᠶ ᠳᠡᠭᠡᠨ ᠲᠡᠭᠡᠭᠰᠢᠯᠡᠭᠦᠯᠥᠨ᠎ᠡ᠃ ᠡᠳᠡᠭᠡᠷ ᠵᠢᠱᠢᠭᠰᠡᠨ ᠬᠠᠷᠠᠯᠲᠠ ᠶᠢ ᠲᠣᠭᠲᠠᠭᠠᠬᠤ ᠳᠤ᠂ 《 ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ  ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠲᠤᠪᠳᠠᠯᠠᠬᠤ》 ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠶᠡᠷᠦᠩᠬᠡᠢ ᠳᠤᠨᠢ   ᠲᠤᠭᠤᠰᠢᠯᠠᠭᠤᠯᠵᠤ ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠡᠶᠢᠴᠡᠵᠦ᠂ ᠮᠠᠨ ᠤ ᠲᠤᠭᠤᠷᠢᠭ ᠤᠨ  ᠬᠥᠭᠵᠢᠯᠲᠡ  ᠶᠢᠨ ᠪᠣᠳᠠᠲᠤ ᠪᠠᠶᠢᠳᠠᠯ ᠢ ᠬᠠᠮᠲᠤ ᠳᠤᠨᠢ ᠬᠠᠷᠠᠭᠠᠯᠵᠠᠵᠤ᠂ 《 ᠦᠰᠦᠷᠴᠦ ᠭᠠᠷᠪᠠᠯ ᠬᠦᠷᠴᠢᠬᠡᠨ᠎ᠡ 》 ᠭᠡᠬᠦ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠪᠢᠳᠡᠨ ᠤ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠯᠦᠭᠡ ᠢᠵᠢᠯᠢ ᠳᠠᠪᠲᠠᠮᠵᠢ ᠲᠡᠷᠪᠢᠯᠲᠡ᠂ ᠣᠳᠣᠬᠠᠨ ᠳᠤ ᠡᠩᠨᠡᠭᠡ ᠠᠴᠠ ᠪᠠᠨ ᠬᠤᠴᠣᠷᠬᠤ ᠦᠭᠡᠢ ᠶᠢ ᠪᠠᠲᠤᠯᠠᠵᠤ᠂ ᠬᠤᠵᠢᠮ ᠵᠠᠪᠰᠢᠶᠠᠨ ᠲᠠᠢ ᠪᠣᠯ ᠬᠥᠭᠡᠭᠡᠵᠦ ᠭᠦᠢᠴᠡᠬᠦ ᠪᠠᠶᠢᠳᠠᠯ ᠢᠶᠠᠨ  ᠪᠠᠳᠤᠯᠠᠨ᠎ᠠ ᠃ ᠪᠣᠳᠠᠲᠠᠶ ᠠᠵᠢᠯ ᠤᠨ ᠳᠤᠮᠳᠠ᠂ ᠡᠨᠡ ᠰᠠᠭᠤᠷᠢᠨ ᠳᠡᠭᠡᠷ᠎ᠡ ᠪᠢᠳᠡ ᠨᠠᠩ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠬᠤ ᠳᠤ᠂ 《 ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠢᠶᠠᠷ ᠠᠬᠢᠭᠤᠯᠬᠤ ᠶᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ  ᠲᠤᠪᠳᠤᠯᠠᠬᠤ 》 ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠶᠡᠷᠦᠩᠬᠡᠶ ᠳᠤᠨᠢ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ  ᠲᠤᠭᠤᠷᠢᠭ ᠤᠨ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠡᠶᠢᠴᠡᠵᠦ᠂ ᠮᠠᠨ ᠤ  ᠲᠤᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠬᠠᠮᠲᠤ ᠳᠤᠨᠢ ᠬᠠᠷᠠᠭᠠᠯᠵᠠᠵᠤ᠂ 《 ᠦᠰᠦᠷᠴᠦ ᠭᠠᠷᠪᠠᠯ ᠭᠦᠶᠴᠡᠵᠦ ᠳᠡᠶᠢᠯᠬᠦ 》 ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠪᠢᠳᠡᠨ ᠤ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠲᠠᠢ ᠵᠡᠷᠭᠡ ᠪᠠᠷ ᠤᠷᠤᠭᠰᠢᠯᠠᠵᠤ᠂ ᠣᠳᠣᠬᠠᠨ ᠳᠤ ᠡᠩᠨᠡᠭᠡ ᠠᠴᠠ ᠪᠠᠨ ᠬᠤᠴᠣᠷᠬᠤ ᠥᠬᠡᠶ᠂ ᠢᠷᠡᠭᠡᠳᠦᠶ ᠳᠤ ᠠᠵᠠ ᠲᠣᠬᠢᠶᠠᠯ ᠲᠠᠢ᠂ ᠬᠥᠭᠡᠭᠡᠵᠦ ᠭᠦᠢᠴᠡᠬᠦ ᠪᠠᠶᠢᠳᠠᠯ ᠢ  ᠪᠠᠳᠤᠯᠠᠨ᠎ᠠ ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠄ ᠨᠢᠭᠡ ᠳᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠶ᠎ᠠ ᠪᠠᠭᠰᠢ  ᠳᠠᠬᠢ ᠬᠠᠶᠢᠷ᠎ᠠ ᠬᠠᠯᠠᠮᠵᠢ ᠪᠣᠯ ᠪᠢᠳᠡᠨ ᠤ ᠥᠩᠭᠡᠷᠡᠭᠰᠡᠨ ᠳᠤ ᠭᠠᠶᠢᠬᠠᠮᠰᠢᠭᠲᠤ ᠬᠤᠪᠢᠷᠠᠯᠲᠠ ᠭᠠᠷᠴᠤ᠂ ᠤᠳᠤ ᠡᠷᠡᠮᠡᠬᠡᠶᠢᠯᠡᠨ ᠤᠷᠤᠭᠰᠢᠯᠠᠵᠤ᠂ ᠢᠷᠡᠭᠡᠳᠦᠢ ᠶᠢᠨ ᠲᠠᠪᠠᠯᠳᠠᠳᠤ ᠬᠥᠭᠵᠢᠯᠲᠡ ᠶᠢᠨ ᠳᠠᠭᠤᠰᠤᠰᠢ ᠦᠭᠡᠢ ᠬᠥᠳᠡᠯᠭᠡᠬᠦ ᠬᠦᠴᠦᠨ ᠪᠠ ᠢᠲᠡᠭᠡᠯ ᠵᠣᠷᠢᠭ ᠪᠣᠯᠬᠤ ᠶᠤᠮ ᠃ ᠬᠤᠷᠢᠨ ᠵᠢᠯ ᠤᠨ ᠬᠥᠭᠵᠢᠯᠲᠡ ᠶᠢᠨ ᠦᠢᠯᠡᠳᠦᠯᠭᠡ ᠭᠡᠷᠡᠴᠢᠯᠡᠭᠰᠡᠨ ᠨᠢ᠂ ᠪᠢᠳᠡ ᠡᠯᠡᠰᠦᠨ ᠴᠦᠯ ᠳᠤ ᠰᠢᠨ᠎ᠡ ᠬᠤᠳᠠ ᠶᠢ ᠰᠠᠶᠢᠲᠤᠷ ᠪᠠᠶᠢᠭᠤᠯᠵᠤ᠂ ᠬᠤᠳᠠ ᠶᠢ ᠰᠠᠶᠢᠲᠤᠷ ᠬᠠᠮᠢᠶᠠᠷᠤᠨ ᠬᠠᠮᠠᠭᠠᠯᠠᠵᠤ᠂ ᠬᠤᠲᠠ ᠶᠢᠨ ᠴᠢᠨᠠᠷ ᠴᠢᠨᠰᠠᠭ᠎ᠠ ᠶᠢ ᠨᠠᠩ ᠥᠨᠳᠥᠷ ᠪᠣᠯᠭᠠᠵᠤ᠂ ᠬᠠᠮᠢᠶᠠᠷᠤᠯᠲᠠ ᠶᠢ ᠨᠠᠩ ᠣᠶᠤᠨᠴᠢ ᠪᠣᠯᠭᠠᠵᠤ᠂  ᠭᠠᠯ ᠤᠳᠠᠭ᠎ᠠ  ᠲᠠᠢ ᠪᠠᠶᠢᠬᠤ ᠪᠠᠶᠢᠳᠠᠯ ᠢ ᠨᠠᠩ ᠭᠦᠶᠴᠡᠳ ᠪᠣᠯᠭᠠᠨ᠎ᠠ ᠃ ᠬᠤᠶᠠᠷ ᠲᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠥᠪᠯᠡᠷᠡᠭᠦᠯᠬᠦ ᠬᠡᠷᠡᠭᠲᠡᠶ ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ ᠣᠷᠣᠨ ᠢ ᠤᠷᠢᠳ ᠢᠶᠠᠷ ᠪᠥᠲᠥᠭᠡᠨ ᠪᠠᠶᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠠᠴᠠ ᠬᠢᠶ᠎ᠠ ᠪᠠᠭᠰᠢ ᠳᠤ ᠣᠯᠭᠤᠭᠰᠠᠨ 《 ᠲᠡᠷᠢᠭᠦᠨ ᠴᠢᠬᠤᠯᠠ ᠡᠭᠦᠷᠭᠡ 》 ᠪᠣᠯᠤᠨ᠎ᠠ᠂  《 ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠣᠭᠲᠠᠭᠠᠯ 》 ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ᠂ 《 ᠵᠢᠷᠭᠤᠭᠠᠨ ᠶᠡᠭᠡ ᠭᠤᠤᠯᠳᠠᠯᠭ᠎ᠠ ᠲᠠᠢ ᠢᠨᠵᠧᠨᠧᠷᠢᠩ ᠪᠠ ᠵᠢᠷᠭᠤᠭᠠᠨ ᠤᠷᠢᠳ ᠢᠶᠠᠷ ᠵᠢᠱᠢᠶ᠎ᠡ ᠦᠵᠡᠭᠦᠯᠬᠦ 》 ᠶᠢ ᠯᠠᠪᠳᠠᠭᠤᠨ ᠪᠠᠲᠤᠲᠠᠶ ᠠᠬᠢᠭᠤᠯᠵᠤ᠂ ᠬᠢᠶ᠎ᠠ ᠪᠠᠭᠰᠢ ᠪᠠᠨ ᠦᠨᠡᠨ ᠬᠦ ᠦᠵᠡᠰᠬᠦᠯᠡᠩᠲᠦ ᠰᠠᠶᠢᠬᠠᠨ ᠣᠷᠳᠣᠰ ᠤᠨ ᠳᠦᠷᠢ ᠲᠥᠷᠬᠦ ᠶᠢᠨ ᠡᠯᠴᠢ᠂ ᠳᠤᠯᠠᠭᠠᠨ ᠣᠷᠳᠣᠰ ᠤᠨ ᠳᠡᠯᠭᠡᠨ ᠦᠵᠡᠭᠦᠯᠬᠦ ᠴᠣᠩᠬᠤ ᠪᠣᠯᠭᠠᠬᠤ ᠪᠠᠷ ᠴᠢᠷᠮᠠᠶᠢᠨ᠎ᠠ ᠃ ᠭᠤᠷᠪᠠ ᠳᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠬᠡᠷᠡᠭᠲᠡᠢ  ᠃ ᠠᠷᠠᠳ ᠲᠦᠮᠡᠨ ᠢ ᠨᠡᠩ ᠰᠠᠶᠢᠨ ᠠᠮᠢᠳᠤᠷᠠᠭᠤᠯᠵᠤ᠂ ᠨᠡᠩ ᠵᠣᠯ ᠵᠢᠷᠭᠠᠯ ᠲᠠᠢ ᠠᠮᠢᠳᠤᠷᠠᠭᠤᠯᠬᠤ ᠪᠣᠯ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠠ ᠲᠤᠰᠤᠯᠳᠠ ᠮᠥᠨ᠂ ᠪᠢᠳᠡ 《 ᠲᠦᠷᠪᠡ ᠶᠢ ᠪᠠᠲᠤᠯᠠᠬᠤ᠂ ᠲᠦᠷᠪᠡ ᠶᠢ ᠤᠢᠢᠷ᠎ᠠ ᠬᠠᠪᠢ ᠳᠤᠨᠢ ᠪᠠᠶᠢᠯᠭᠠᠬᠤ᠂ ᠲᠦᠷᠪᠡ ᠶᠢ ᠳᠡᠭᠡᠭᠰᠢᠯᠡᠭᠦᠯᠬᠦ 》 ᠵᠡᠷᠭᠡ ᠲᠠᠯ᠎ᠠ ᠪᠠᠷ ᠬᠦᠴᠦ ᠣᠷᠣᠭᠤᠯᠵᠤ᠂ ᠠᠷᠠᠳ ᠲᠦᠮᠡᠨ ᠤ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠭᠠᠯᠲᠠ ᠲᠤᠭ᠎ᠠ ᠲᠠᠢ ᠵᠣᠬᠢᠴᠠᠭᠤᠯᠵᠤ᠂ ᠬᠠᠮᠲᠤᠪᠠᠷ ᠳᠡᠭᠡᠭᠰᠢᠯᠡᠭᠦᠯᠬᠦ ᠪᠠᠷ ᠴᠢᠷᠮᠠᠶᠢᠨ᠎ᠠ ᠃      ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ 7 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ  ᠠᠳᠬᠤᠨ᠎ᠠ       ( ᠨᠢᠭᠡ ) ᠯᠠᠪᠳᠠᠭᠤᠨ ᠢᠶᠠᠷ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠳᠣᠪᠣᠶᠢᠯᠭᠠᠵᠤ᠂ ᠰᠡᠷᠭᠦᠨ ᠰᠠᠶᠢᠵᠢᠷᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ  ᠬᠥᠴᠥᠯᠡᠨ᠎ᠡ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠪᠠ ᠬᠡᠷᠡᠭᠯᠡᠭᠡᠨ ᠤ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠶᠢ ᠪᠠᠲᠤᠳᠬᠠᠨ᠂ ᠰᠡᠯᠭᠦᠬᠦ ᠬᠦᠴᠦᠨ ᠢ ᠨᠡᠮᠡᠭᠳᠡᠭᠦᠯᠵᠦ᠂ ᠠᠵᠤ ᠠᠬᠤᠢ ᠶᠢᠨ ᠲᠣᠭᠲᠠᠭᠤᠨ ᠪᠥᠭᠡᠳ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠨ᠎ᠠ ᠃       ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ ᠃ ᠥᠨᠳᠥᠷ ᠪᠦᠲᠦᠮᠵᠢᠲᠡᠶ  ᠪᠠᠷ ᠲᠥᠷᠥᠯ ᠵᠦᠢᠯ ᠢ ᠠᠬᠢᠭᠤᠯᠤᠨ᠎ᠠ ᠃ ᠬᠤᠲᠠ  ᠶᠢᠨ ᠪᠦᠲᠦᠭᠡᠨ ᠪᠠᠢᠭᠤᠯᠤᠯᠲᠠ ᠶᠢᠨ 《 ᠶᠠᠰᠤ ᠴᠢᠨᠠᠷ ᠢ ᠳᠡᠰ ᠳᠡᠪᠰᠢᠭᠦᠯᠬᠦ 》᠂ ᠠᠷᠠᠳ ᠤᠨ ᠠᠮᠢᠳᠤᠷᠠᠯ ᠤᠨ 《 ᠪᠠᠴᠢᠮ  ᠪᠠᠶᠢᠳᠠᠯ ᠬᠦᠴᠢᠷ ᠵᠣᠪᠠᠭᠤᠷᠢ ᠬᠦᠰᠡᠯ ᠡᠷᠡᠮᠡᠯᠵᠡᠯ 》 ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠦᠬᠦ ᠵᠢᠯ ᠳᠤ 85 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠵᠦ᠂ ᠵᠢᠯ  ᠤᠨ ᠳᠣᠲᠣᠷ᠎ᠠ 110 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢ ᠪᠡᠶᠡᠯᠡᠭᠦᠯᠦᠨ᠎ᠡ ᠃ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠣᠭᠤᠷᠢᠨ ᠦᠵᠡᠵᠦ ᠲᠣᠬᠢᠷᠠᠭᠤᠯᠬᠤ ᠵᠡᠷᠭᠡ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠤᠨ᠂ ᠬᠠᠪᠤᠷ ᠤᠨ ᠤᠯᠠᠷᠢᠯ ᠤᠨ ᠠᠵᠢᠯ ᠡᠬᠢᠯᠡᠭᠦᠯᠬᠦ ᠠᠴᠠ ᠡᠮᠦᠨᠡᠬᠢ ᠭᠤᠤᠯᠳᠠᠯᠭ᠎ᠠ ᠲᠠᠢ ᠲᠥᠷᠥᠯ ᠵᠦᠶᠯ ᠤᠨ ᠭᠠᠷᠳᠠᠮ ᠢ ᠪᠦᠬᠦᠨ ᠢ ᠭᠦᠶᠴᠡᠳᠬᠡᠵᠦ ᠳᠠᠭᠤᠰᠬᠠᠨ᠂ ᠲᠥᠷᠥᠯ ᠵᠦᠶᠯ  ᠤᠨ ᠪᠠᠯᠠ ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ ᠃ ᠨᠡᠶᠢᠭᠡᠮ ᠳᠤ ᠬᠠᠨᠳᠤᠭᠤᠯᠤᠭᠰᠠᠨ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠪᠦᠬᠦ ᠲᠠᠯ᠎ᠠ ᠪᠠᠷ ᠳᠠᠶᠢᠴᠢᠯᠠᠨ᠂ ᠨᠡᠩ ᠣᠯᠠᠨ ᠨᠡᠶᠢᠭᠡᠮ ᠤᠨ ᠬᠥᠷᠥᠩᠭᠡ ᠶᠢ ᠲᠠᠲᠠᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠦᠬᠦ ᠵᠢᠯ ᠤᠨ ᠪᠡᠯᠡ ᠣᠷᠣᠭᠤᠯᠤᠯᠲᠠ ᠶᠢᠨ ᠬᠠᠷᠠᠯᠲᠠ ᠶᠢᠨ ᠪᠡᠶᠡᠯᠡᠭᠳᠡᠬᠦ ᠶᠢ ᠦᠨᠡᠨᠬᠦ ᠪᠠᠲᠤᠯᠠᠨ᠎ᠠ ᠃  ᠤᠯᠤᠰ ᠠᠴᠠ ᠨᠡᠶᠢᠲᠡᠯᠡᠭᠰᠡᠨ 《ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠬᠡᠷᠡᠭᠵᠢᠭᠦᠯᠬᠦ ᠰᠠᠨᠠᠯ 》᠂ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠣᠷᠳᠣᠰ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠰᠢᠨ᠎ᠡ 《 ᠭᠤᠷᠪᠠᠨ ᠳᠥᠷᠪᠡᠨ 》 ᠵᠡᠷᠭᠡ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠠᠭᠤᠷᠢ ᠪᠡᠯᠡᠳᠬᠡᠮᠵᠢ ᠶᠢ ᠰᠢᠨᠡᠳᠬᠡᠬᠦ᠂ ᠠᠵᠤ ᠦᠶᠯᠡᠰ ᠢ ᠬᠥᠭᠵᠢᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠨᠢᠭᠡ ᠪᠦᠯᠦᠭ ᠲᠥᠷᠥᠯ ᠵᠦᠶᠯ ᠢ ᠲᠥᠰᠦᠪᠯᠡᠨ ᠨᠥᠭᠡᠴᠡᠯᠡᠵᠦ᠂ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 60 ᠠᠴᠠ ᠳᠣᠤᠷ᠎ᠠ ᠪᠠᠶᠢᠯᠭᠠᠬᠤ ᠥᠬᠡᠶ᠂ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 100 ᠠᠴᠠ ᠳᠣᠤᠷ᠎ᠠ ᠪᠠᠶᠢᠯᠭᠠᠬᠤ ᠥᠬᠡᠶ ᠪᠠᠷ ᠴᠢᠷᠮᠠᠶᠢᠵᠤ᠂ ᠦᠷᠭᠦᠯᠵᠢᠯᠡᠨ ᠬᠥᠭᠵᠢᠭᠦᠯᠬᠦ ᠰᠠᠶᠢᠨ ᠰᠠᠶᠢᠬᠠᠨ ᠨᠥᠭᠡᠴᠡᠯᠡᠬᠦ ᠲᠣᠭᠲᠠᠴᠠ ᠶᠢ ᠪᠦᠷᠢᠯᠳᠦᠭᠦᠯᠦᠨ᠎ᠡ ᠃       ᠬᠡᠷᠡᠭᠯᠡᠭᠡᠨ ᠤ ᠨᠡᠮᠡᠭᠳᠡᠯ ᠢ ᠦᠷᠭᠦᠯᠵᠢᠯᠡᠨ ᠠᠬᠢᠭᠤᠯᠤᠨ᠎ᠠ ᠃ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡ ᠶᠢ ᠥᠷᠭᠡᠳᠬᠡᠨ᠎ᠡ ᠃ ᠰᠢᠨ᠎ᠡ ᠡᠨᠧᠷᠭᠢ ᠶᠢᠨ  ᠮᠠᠰᠢᠨ ᠲᠡᠷᠭᠡ ᠪᠣᠷᠣᠯᠠᠭᠤᠯᠬᠤ ᠲᠥᠪ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠠᠶᠢᠭᠤᠯᠵᠤ᠂ ᠮᠠᠰᠢᠨ ᠲᠡᠷᠭᠡᠨ ᠤ ᠶᠡᠭᠡ ᠬᠡᠮᠵᠢᠶᠡᠨ ᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃  ᠱᠠᠨ ᠮᠦ᠋᠂  ᠣᠣ ᠲᠧ ᠯᠠᠢ ᠰᠾᠢ ᠮᠡᠲᠦ ᠶᠢᠨ ᠰᠠᠩ ᠬᠥᠮᠥᠷᠭᠡ ᠶᠢᠨ ᠮᠠᠶ᠋ᠢᠭ ᠤᠨ ᠬᠤᠳᠠᠯᠳᠤᠭ᠎ᠠ ᠶᠢ ᠣᠷᠣᠭᠤᠯᠤᠨ ᠠᠪᠴᠢᠷᠠᠵᠤ᠂ ᠤᠯᠠᠨ ᠲᠦᠮᠡᠨ ᠳᠤ ᠨᠡᠩ ᠤᠯᠠᠨ ᠬᠡᠷᠡᠭᠯᠡᠭᠡᠨ ᠤ ᠰᠣᠩᠭᠤᠯᠲᠠ ᠬᠠᠩᠭᠠᠨ᠎ᠠ᠃ ᠰᠤᠷᠭᠠᠨ ᠬᠥᠮᠦᠵᠢᠯ ᠤᠨ ᠳᠠᠪᠠᠭᠤᠯᠢᠭ ᠢ ᠪᠠᠳᠠᠷᠠᠭᠤᠯᠵᠤ᠂ ᠰᠤᠷᠭᠠᠨ ᠬᠥᠮᠦᠵᠢᠯ ᠤᠨ ᠡᠷᠬᠢᠨ ᠲᠣᠭᠤᠷᠢᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠤᠷᠭᠠᠨ ᠬᠥᠮᠦᠵᠢᠯ ᠤᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ  ᠃ ᠬᠡᠷᠡᠭᠯᠡᠭᠡᠨ ᠢ ᠥᠭᠡᠷᠡᠴᠢᠯᠡᠨ ᠳᠡᠰ ᠳᠡᠪᠰᠢᠭᠦᠯᠬᠦ ᠃ ᠶᠢᠨ ᠴᠧᠨ ᠣᠯᠠᠨ ᠤᠯᠤᠰ᠂ ᠬᠤ᠋ ᠨᠧᠩ᠂ ᠮᠧᠩ ᠰᠢᠨ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠲᠡᠰ ᠳᠡᠪᠰᠢᠭᠦᠯᠵᠦ᠂ ᠺᠠᠩ ᠵᠧᠨ ᠶᠠᠪᠠᠭᠠᠨ ᠵᠡᠭᠡᠯᠢ ᠵᠡᠷᠭᠡ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠠᠮᠲᠠᠲᠤ ᠢᠳᠡᠭᠡᠨ ᠤ ᠠᠭᠤᠳᠠᠮ ᠲᠠᠯᠠᠪᠠᠢ ᠶᠢ ᠳᠠᠬᠢᠨ ᠡᠬᠢᠯᠡᠭᠦᠯᠬᠦ ᠪᠠᠷ ᠴᠢᠷᠮᠠᠶᠢᠨ᠎ᠠ᠃ 《 ᠨᠢᠭᠡ ᠮᠥᠴᠡ ᠳᠤ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠬᠦᠷᠢᠶ᠎ᠡ 》 ᠶᠢ ᠰᠢᠨ᠎ᠡ ᠪᠠᠷ 7 ᠨᠡᠮᠡᠭᠳᠡᠭᠦᠯᠵᠦ᠂ ᠰᠠᠭᠤᠭᠠᠯᠢ ᠠᠷᠠᠳ ᠲᠤ ᠨᠠᠩ ᠣᠯᠠᠨ  ᠥᠢᠷ᠎ᠠ ᠬᠠᠪᠢ ᠶᠢᠨ ᠬᠡᠷᠡᠭᠯᠡᠭᠡᠨ ᠤ ᠲᠠᠯᠠᠪᠤᠷ ᠭᠠᠵᠠᠷ ᠢ ᠬᠠᠩᠭᠠᠨ᠎ᠠ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ ᠃ 1000 ᠲᠦᠮᠡᠨ ᠲᠥᠭᠦᠷᠢᠭ ᠤᠨ ᠬᠡᠷᠡᠭᠯᠡᠭᠡ ᠶᠢ ᠠᠬᠢᠭᠤᠯᠬᠤ ᠪᠠᠯᠠ ᠮᠥᠩᠭᠦ ᠲᠣᠬᠢᠷᠠᠭᠤᠯᠵᠤ᠂ 《 ᠬᠡᠷᠡᠭᠯᠡᠭᠡᠨ ᠤ ᠲᠥᠷᠥ ᠶᠢᠨ ᠪᠣᠳᠣᠯᠭ᠎ᠠ + ᠪᠣᠳᠠᠰ ᠤᠨ ᠬᠤᠷᠠᠮᠳᠤᠯ ᠬᠤᠪᠢ + ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ 》  ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠬᠡᠦᠬᠡᠳ ᠤᠨ ᠴᠡᠴᠡᠷᠯᠢᠭ ᠵᠡᠷᠭᠡ ᠦᠶᠯᠡᠴᠢᠯᠡᠭᠡᠨ ᠤ ᠬᠡᠷᠡᠭᠯᠡᠭᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 《 ᠶᠣᠸᠠᠢ ᠬᠤᠶ ᠺᠠᠩ ᠴᠧᠩ 》᠂ 《  ᠨᠤᠸᠠᠨ ᠴᠧᠩ ᠳ᠋ᠥᠸᠧ ᠸᠧᠢ》᠂ ᠣᠷᠳᠣᠰ ᠤᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠡᠷᠭᠡ ᠭᠤᠤᠯ ᠰᠡᠳᠦᠪᠲᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠦᠨ᠎ᠡ ᠬᠠᠩᠰᠢ ᠶᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠠᠬᠢᠭᠤᠯᠤᠨ᠎ᠠ ᠃ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠠᠩ ᠴᠡᠴᠡᠭᠯᠡᠨ ᠬᠥᠭᠵᠢᠬᠦ ᠶᠢ ᠠᠬᠢᠭᠤᠯᠤᠨ᠎ᠠ ᠃       ᠠᠷᠠᠯᠵᠢᠶᠠᠴᠢᠨ ᠤᠷᠢᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠦᠨ᠎ᠡ ᠃ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠨ᠎ᠠ ᠃ ᠠᠵᠤ ᠦᠢᠯᠡᠰ᠂  ᠡᠳᠡᠭᠡᠳ ᠳᠡᠭᠡᠷ᠎ᠡ ᠨᠠᠷᠢᠯᠢᠭ ᠣᠨᠣᠪᠴᠢᠲᠠᠢ ᠢᠯᠡᠷᠡᠭᠦᠯᠵᠦ᠂ ᠮᠡᠳᠡᠭᠡ ᠵᠠᠩᠭᠢ ᠶᠢ ᠰᠤᠳᠤᠯᠤᠨ ᠮᠠᠭᠠᠳᠯᠠᠬᠤ ᠪᠠ ᠲᠥᠷᠦᠯ ᠵᠦᠢᠯ ᠢ ᠰᠢᠯᠢᠨ ᠰᠣᠩᠭᠤᠬᠤ ᠶᠢ ᠴᠢᠩᠭᠠᠳᠬᠠᠵᠤ᠂ ᠶᠡᠷᠦᠩᠬᠡᠢ ᠬᠡᠯᠲᠡᠰ᠂ ᠰᠣᠶᠣᠯ ᠵᠢᠭᠤᠯᠴᠢᠯᠠᠯ ᠵᠡᠷᠭᠡ ᠭᠤᠣᠯᠯᠠᠬᠤ ᠠᠵᠤ ᠦᠢᠯᠡᠰ ᠪᠠ ᠪᠦᠬᠦ ᠬᠤᠲᠠ ᠶᠢᠨ 《 ᠭᠤᠷᠪᠠᠨ ᠳᠥᠷᠪᠡᠨ 》 ᠠᠵᠢᠯ ᠳᠤ ᠦᠢᠯᠡᠴᠢᠯᠡᠬᠦ ᠡᠭᠦᠷᠭᠡ ᠶᠢᠨ ᠲᠣᠭᠤᠷᠢᠨ ᠳᠤ᠂ ᠭᠤᠣᠯᠳᠠᠭᠤ ᠲᠡᠮᠡᠭᠡᠲᠦ᠂ ᠰᠢ ᠠᠨ ᠵᠡᠷᠭᠡ ᠦᠷ᠎ᠡ ᠬᠠᠪᠢ ᠶᠢᠨ ᠭᠠᠵᠠᠷ ᠣᠷᠣᠨ ᠳᠤ ᠬᠠᠨᠳᠤᠭᠤᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠦᠨ᠎ᠡ ᠃ ᠲᠡᠷᠭᠡᠨ ᠳᠤ ᠰᠠᠭᠤᠵᠤ ᠠᠷᠠᠯᠵᠢᠶᠠᠴᠢᠨ ᠤᠷᠢᠬᠤ ᠶᠢ ᠬᠡᠷᠡᠭᠵᠢᠭᠦᠯᠦᠨ᠎ᠡ ᠃ ᠪᠦᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠬᠤᠷᠠᠯ᠂ 《 ᠳᠤᠯᠠᠭᠠᠨ ᠬᠤᠲᠠ ᠶᠢᠨ ᠴᠣᠩᠬᠤ 》 ᠵᠡᠷᠭᠡ ᠲᠠᠪᠴᠠᠩ ᠢ ᠠᠰᠢᠭᠯᠠ᠂ ᠬᠢᠶ᠎ᠠ ᠪᠠᠭᠰᠢ  ᠲᠣᠭᠤᠷᠢᠭ ᠤᠨ ᠳᠠᠪᠠᠭᠤᠯᠢᠭ ᠣᠨᠴᠠᠯᠢᠭ ᠪᠠ ᠡᠯ᠎ᠡ ᠲᠥᠷᠥᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠤᠬᠠᠭᠤᠯᠵᠤ᠂ ᠨᠠᠩ ᠣᠯᠠᠨ ᠠᠵᠤ ᠠᠬᠤᠶᠢᠯᠠᠯ᠂ ᠲᠥᠷᠦᠯ ᠵᠦᠢᠯ ᠢ ᠪᠣᠳᠠᠲᠠᠢ ᠳᠤ  ᠨᠠᠶᠢᠳᠪᠤᠷᠢᠵᠢᠭᠤᠯᠤᠨ᠎ᠠ ᠃ ᠬᠤᠯᠪᠣᠭᠠᠯᠠᠨ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ ᠃ ᠳᠥᠷᠪᠡᠨ ᠳᠡᠯᠡᠬᠡᠶ  ᠶᠢᠨ ᠲᠠᠰ ᠤᠨ ᠠᠵᠤ ᠦᠶᠯᠡᠰ ᠤᠨ ᠭᠤᠤᠯᠳᠠᠯᠭ᠎ᠠ ᠲᠠᠢ ᠲᠥᠷᠥᠯ ᠵᠦᠶᠯ ᠪᠠ ᠠᠵᠤ ᠦᠶᠯᠡᠰ ᠤᠨ ᠬᠡᠯᠬᠢᠶ᠎ᠡ ᠶᠢᠨ ᠤᠷᠲᠤᠳᠬᠠᠯ ᠢ ᠴᠢᠩᠭ᠎ᠠ ᠠᠩᠬᠠᠷᠴᠤ᠂ ᠬᠤᠲᠠ  ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠠᠢ ᠬᠠᠮᠲᠤᠷᠠᠯᠴᠠᠵᠤ᠂ ᠨᠢᠭᠡ ᠪᠦᠯᠦᠭ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠲᠡᠭᠡᠭᠡᠪᠦᠷᠢᠯᠡᠨ ᠪᠣᠷᠣᠯᠠᠭᠤᠯᠬᠤ ᠺᠣᠮᠫᠠᠨᠢ ᠶᠢ ᠮᠠᠨ ᠤ  ᠲᠤᠭᠤᠷᠢᠭ ᠨᠤᠲᠤᠭᠰᠢᠭᠤᠯᠬᠤ ᠪᠠᠷ ᠴᠢᠷᠮᠠᠶᠢᠨ᠎ᠠ᠃  ᠤᠶᠢᠷ᠎ᠠ ᠬᠠᠪᠢ ᠶᠢᠨ ᠠᠬ᠎ᠠ ᠳᠡᠭᠦᠦ ᠬᠤᠰᠢᠭᠤ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠶ᠎ᠠ ᠪᠠᠭᠰᠢ ᠶᠢᠨ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ 《 ᠠᠵᠤ ᠦᠶᠯᠡᠰ ᠢ ᠡᠷᠬᠢᠨ ᠲᠣᠭᠤᠷᠢᠨ ᠳᠤ ᠨᠠᠶᠢᠳᠠᠪᠤᠷᠢᠵᠢᠭᠤᠯᠵᠤ᠂ ᠶᠡᠷᠦᠩᠬᠡᠶ ᠬᠡᠯᠲᠡᠰ ᠢ  ᠬᠢᠶ᠎ᠠ ᠪᠠᠭᠰᠢ ᠳᠤ ᠪᠠᠶᠢᠯᠭᠠᠬᠤ 》 ᠶᠢ ᠠᠬᠢᠭᠤᠯᠤᠨ᠎ᠠ ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠬᠦ ᠃ ᠬᠤᠳᠠ ᠳᠤ ᠰᠠᠭᠤᠭ᠎ᠠ  ᠲᠤᠭᠤᠷᠢᠭ  ᠳᠤ ᠰᠠᠭᠤᠭ᠎ᠠ ᠠᠵᠤ ᠠᠬᠤᠶᠢᠯᠠᠯ ᠤᠨ ᠬᠥᠮᠦᠨ ᠬᠠᠷ᠎ᠠ ᠶᠢᠨ ᠬᠠᠷᠢᠯᠴᠠᠭ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ 《 ᠵᠠᠭᠤᠴᠢ 》 ᠪᠠ 《 ᠪᠣᠷᠣᠯᠠᠭᠤᠯᠤᠭᠴᠢ 》 ᠪᠤᠯᠵᠤ᠂ ᠠᠵᠤ ᠦᠢᠯᠡᠰ ᠤᠨ ᠣᠨᠴᠠᠯᠢᠭ ᠪᠠ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠦᠨᠳᠦᠰᠦᠯᠡᠨ ᠳᠡᠭᠡᠳᠦ ᠲᠤᠤᠷᠠᠳᠦ ᠤᠷᠤᠰᠬᠠᠯ ᠤᠨ ᠬᠤᠯᠪᠣᠯᠳᠤᠭᠰᠠᠨ ᠠᠵᠤ ᠠᠬᠤᠶᠢᠯᠠᠯ᠂ ᠢᠵᠢ ᠪᠦᠷᠢᠳᠦᠬᠦᠯᠬᠦ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ᠂ ᠴᠢᠩ ᠦᠨᠡᠨᠴᠢ ᠬᠠᠶᠢᠷ᠎ᠠ ᠰᠡᠳᠬᠢᠯᠭᠡ ᠪᠠ ᠬᠠᠮᠲᠤ ᠪᠠᠷ ᠠᠰᠢᠭ ᠬᠦᠷᠳᠡᠬᠦ ᠵᠢᠱᠢᠯᠲᠡ ᠪᠠᠷ ᠤᠯᠠᠨ ᠠᠵᠤ ᠠᠬᠤᠶᠢᠯᠠᠯ ᠲᠠᠢ ᠭᠠᠷ ᠬᠤᠯᠪᠣᠨ ᠬᠠᠮᠲᠤ  ᠪᠠᠷ ᠤᠷᠤᠭᠰᠢᠯᠠᠬᠤ ᠶᠢ ᠵᠣᠷᠢᠭᠵᠢᠭᠤᠯᠤᠨ᠎ᠠ ᠃ ᠪᠦᠬᠦ ᠵᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠯᠡ ᠮᠥᠩᠭᠦ ᠶᠢ 13 ᠳ᠋ᠦᠩᠰᠢᠭᠤᠷ ᠲᠥᠭᠦᠷᠢᠭ  ᠠᠴᠠ ᠳᠠᠪᠠᠭᠤᠯᠬᠤ ᠪᠠᠷ ᠴᠢᠷᠮᠠᠶᠢᠵᠤ᠂ 30 % ᠠᠴᠠ ᠳᠡᠭᠡᠭᠰᠢ ᠨᠡᠮᠡᠭᠳᠡᠭᠦᠯᠦᠨ᠎ᠡ ᠃       ( ᠬᠤᠶᠠᠷ ) ᠠᠭᠤᠰᠤᠯᠴᠠᠨ ᠬᠥᠭᠵᠢᠬᠦ ᠶᠢ ᠳᠣᠪᠣᠶᠢᠯᠭᠠᠵᠤ᠂ ᠣᠷᠣᠨ ᠪᠦᠰᠡ ᠶᠢᠨ ᠳᠠᠪᠠᠭᠤᠯᠢᠭ ᠢ ᠵᠤᠵᠠᠭᠠᠳᠬᠠᠬᠤ ᠲᠠᠯ᠎ᠠ ᠪᠠᠷ ᠦᠷᠭᠦᠯᠵᠢᠯᠡᠨ ᠬᠥᠴᠥᠯᠡᠨ᠎ᠡ  ᠰᠠᠶᠢᠨᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠬᠢᠶ᠎ᠡ ᠪᠠᠭᠰᠢ ᠲᠣᠭᠤᠷᠢᠭ ᠤᠨ ᠪᠣᠳᠠᠲᠤ  ᠪᠠᠶᠢᠳᠠᠯ ᠲᠠᠢ ᠨᠡᠶᠢᠴᠡᠭᠰᠡᠨ ᠰᠢᠨ᠎ᠡ ᠬᠡᠯᠪᠡᠷᠢ ᠶᠢᠨ ᠬᠤᠲᠠ ᠶᠢᠨ ᠠᠵᠤ ᠠᠬᠤᠢ ᠶᠢ ᠬᠥᠭᠵᠢᠭᠦᠯᠵᠦ᠂ ᠭᠤᠣᠯᠯᠠᠭᠴᠢ ᠠᠵᠤ ᠦᠢᠯᠡᠰ  ᠤᠨ ᠬᠤᠷᠠᠮᠳᠤᠨ ᠵᠤᠵᠠᠭᠠᠷᠠᠬᠤ᠂ ᠳᠡᠰ ᠳᠠᠪᠰᠢᠨ ᠳᠡᠭᠡᠭᠰᠢᠯᠡᠬᠦ ᠶᠢ ᠠᠬᠢᠭᠤᠯᠤᠨ᠎ᠠ ᠃       ᠶᠡᠷᠦᠩᠬᠡᠶ ᠬᠡᠯᠲᠡᠰ ᠤᠨ ᠠᠵᠤ ᠠᠬᠤᠶ ᠶᠢ ᠦᠷᠭᠦᠯᠵᠢᠯᠡᠨ ᠬᠦᠴᠦᠷᠬᠡᠭᠵᠢᠭᠦᠯᠦᠨ᠎ᠡ ᠃ ᠶᠡᠷᠦᠩᠬᠡᠶᠢᠯᠡᠭᠰᠡᠨ ᠴᠢᠨᠠᠷᠲᠠᠶ ᠶᠡᠷᠦᠩᠬᠡᠶ ᠬᠡᠯᠲᠡᠰ ᠤᠨ ᠲᠥᠪᠯᠡᠷᠡᠭᠰᠡᠨ ᠣᠷᠣᠨ ᠤ ᠡᠨᠧᠷᠭᠢ ᠶᠢᠨ ᠲᠠᠰ ᠢ ᠳᠡᠭᠡᠭᠰᠢᠯᠡᠭᠦᠯᠦᠨ᠎ᠡ ᠃ ᠣᠷᠣᠨ ᠪᠠᠶᠢᠷᠢ᠂ ᠣᠷᠴᠢᠨ ᠲᠣᠭᠤᠷᠢᠨ᠂ ᠰᠤᠷᠭᠠᠨ ᠬᠥᠮᠦᠵᠢᠯ ᠵᠡᠷᠭᠡ ᠳᠠᠪᠠᠭᠤᠯᠢᠭ ᠲᠠᠭᠠᠨ ᠰᠠᠭᠤᠷᠢᠯᠠᠨ᠂ ᠴᠢᠩ ᠴᠦᠨ ᠱᠠᠨ ᠤ ᠶᠡᠷᠦᠩᠬᠡᠶ ᠬᠡᠯᠲᠡᠰ ᠤᠨ ᠰᠠᠭᠤᠷᠢᠨ ᠭᠠᠵᠠᠷ᠂ ᠱᠠᠩ ᠪᠠᠩ ᠳ᠋ᠦᠩ ᠱᠧᠩ ᠵᠡᠷᠭᠡ ᠶᠡᠷᠦᠩᠬᠡᠶ ᠬᠡᠯᠲᠡᠰ ᠤᠨ ᠠᠵᠤ ᠠᠬᠤᠶ ᠶᠢᠨ ᠠᠴᠢᠶᠠᠯᠠᠪᠤᠷᠢ ᠳᠤ ᠲᠦᠰᠢᠭᠯᠡᠨ᠂ ᠪᠠᠰᠠ ᠨᠢᠭᠡ ᠪᠦᠯᠦᠭ ᠶᠡᠷᠦᠩᠬᠡᠶᠢᠯᠡᠭᠰᠡᠨ ᠬᠡᠯᠪᠡᠷᠢ ᠶᠢᠨ᠂ ᠪᠠᠯᠠ ᠣᠷᠣᠭᠤᠯᠤᠯᠲᠠ ᠶᠢᠨ ᠬᠡᠯᠪᠡᠷᠢ ᠶᠢᠨ᠂ ᠡᠵᠡᠩᠨᠡᠨ ᠪᠣᠷᠣᠯᠠᠭᠤᠯᠬᠤ ᠬᠡᠯᠪᠡᠷᠢ ᠶᠢᠨ ᠪᠠ ᠰᠤᠳᠤᠯᠤᠨ ᠨᠡᠭᠡᠭᠡᠬᠦ ᠬᠡᠯᠪᠡᠷᠢ ᠶᠢᠨ ᠠᠵᠤ ᠠᠬᠤᠶᠢᠯᠠᠯ ᠤᠨ ᠶᠡᠷᠦᠩᠬᠡᠶ ᠭᠠᠵᠠᠷ ᠢ ᠣᠷᠣᠭᠤᠯᠤᠨ ᠠᠪᠴᠢᠷᠠᠵᠤ᠂ ᠵᠢᠯ ᠤᠨ ᠳᠣᠲᠣᠷ᠎ᠠ ᠣᠷᠣᠨ ᠪᠦᠰᠡ ᠶᠢᠨ ᠥᠷᠢᠰᠥᠯᠳᠦᠬᠦ ᠬᠦᠴᠦᠨ ᠪᠠ ᠨᠥᠯᠥᠭᠡᠯᠡᠨ ᠳᠠᠶᠢᠴᠢᠯᠠᠬᠤ ᠬᠦᠴᠦᠨ ᠲᠠᠢ ᠶᠡᠷᠦᠩᠬᠡᠶ ᠬᠡᠯᠲᠡᠰ ᠤᠨ ᠠᠵᠤ ᠠᠬᠤᠶᠢᠯᠠᠯ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠶᠡᠷᠦᠩᠬᠡᠶ ᠲᠤᠭ᠎ᠠ ᠶᠢ 100 ᠠᠴᠠ ᠳᠠᠪᠠᠭᠤᠯᠤᠨ᠎ᠠ ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠶᠡᠷᠦᠩᠬᠡᠶ ᠬᠡᠯᠲᠡᠰ ᠤᠨ ᠲᠥᠪᠯᠡᠷᠡᠭᠰᠡᠨ ᠣᠷᠣᠨ ᠤ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠎ᠡ ᠃ ᠵᠥᠩ ᠰᠢᠨ ᠪᠠᠩᠬᠢ ᠶᠢᠨ ᠣᠷᠳᠣᠰ ᠬᠤᠪᠢᠶᠠᠷᠢ ᠪᠠᠩᠬᠢ ᠶᠢ ᠨᠡᠭᠦᠯᠭᠡᠬᠦ ᠶᠠᠪᠤᠳᠠᠯ ᠢ ᠦᠷᠭᠦᠯᠵᠢᠯᠡᠨ ᠠᠬᠢᠭᠤᠯᠵᠤ᠂ ᠳᠡᠭᠡᠷ᠎ᠡ ᠬᠠᠭᠠᠰ ᠵᠢᠯ ᠳᠤ ᠣᠷᠣᠵᠤ ᠰᠠᠭᠤᠬᠤ ᠶᠢ ᠦᠨᠡᠨᠬᠦ ᠪᠠᠲᠤᠯᠠᠨ᠎ᠠ ᠃ ᠣᠷᠳᠣᠰ ᠪᠠᠩᠬᠢ ᠶᠢᠨ ᠶᠡᠷᠦᠩᠬᠡᠶ ᠬᠡᠯᠲᠡᠰ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠢᠯᠡᠨ ᠠᠵᠢᠯᠯᠠᠭᠤᠯᠵᠤ᠂ ᠬᠤᠲᠠ  ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠪᠦᠯᠦᠭᠯᠡᠯ᠂ ᠬᠤᠲᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ᠂ ᠳ᠋ᠧ ᠷᠦᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠵᠡᠷᠭᠡ 10 ᠭᠠᠷᠤᠢ ᠠᠵᠤ ᠠᠬᠤᠶᠢᠯᠠᠯ ᠤᠨ ᠤᠷᠢᠳᠠᠪᠠᠷ ᠣᠷᠣᠵᠤ ᠰᠠᠭᠤᠬᠤ᠂ ᠪᠦᠯᠬᠦᠮ ᠪᠠᠶᠢᠭᠤᠯᠤᠨ ᠬᠥᠭᠵᠢᠬᠦ ᠶᠢ ᠠᠬᠢᠭᠤᠯᠵᠤ᠂ ᠳᠠᠩᠰᠠᠯᠠᠬᠤ ᠰᠠᠭᠤᠷᠢ ᠮᠥᠩᠭᠦ ᠶᠢᠨ ᠬᠡᠪᠴᠢᠶ᠎ᠡ ᠶᠢ 20 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠶᠡᠷᠦᠩᠬᠡᠶ ᠬᠡᠯᠲᠡᠰ ᠤᠨ ᠠᠵᠤ ᠠᠬᠤᠶ  ᠶᠢᠨ ᠢᠵᠢ ᠪᠦᠷᠢᠳᠦᠭᠦᠯᠬᠦ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠶᠡᠷᠦᠩᠬᠡᠶ ᠬᠡᠯᠲᠡᠰ ᠤᠨ ᠠᠵᠤ ᠠᠬᠤᠶ ᠯᠤᠭ᠎ᠠ ᠬᠠᠷᠢᠯᠴᠠᠨ ᠲᠣᠬᠢᠷᠠᠯᠴᠠᠭᠰᠠᠨ ᠪᠦᠲᠦᠭᠡᠯᠴᠢ ᠲᠥᠰᠦᠪᠯᠡᠯ ᠤᠨ ᠵᠢᠷᠤᠭᠯᠠᠨ ᠲᠥᠯᠥᠪᠯᠡᠬᠦ᠂ ᠨᠢᠭᠲᠠᠯᠠᠨ ᠪᠣᠳᠣᠵᠤ ᠬᠢᠨᠠᠨ ᠪᠣᠳᠣᠬᠤ᠂ ᠮᠡᠳᠡᠭᠡ ᠵᠠᠩᠭᠢ ᠶᠢᠨ ᠯᠠᠪᠯᠠᠯᠭ᠎ᠠ᠂ ᠵᠠᠷ ᠮᠡᠳᠡᠭᠡ ᠤᠬᠠᠭᠠᠯᠠᠨ ᠰᠡᠳᠦᠬᠦ᠂ ᠬᠠᠤᠯᠢ ᠴᠠᠭᠠᠵᠠ ᠶᠢᠨ ᠦᠢᠯᠡᠴᠢᠯᠡᠭᠡᠨ᠂ ᠬᠥᠮᠦᠵᠢᠯ ᠪᠣᠯᠪᠠᠰᠤᠷᠠᠭᠤᠯᠤᠯ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠪᠠ ᠬᠤᠳᠠᠯᠳᠤᠭᠠᠨ ᠤ ᠶᠠᠪᠤᠳᠠᠯ ᠤᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ ᠃      ᠲᠣᠭᠠᠴᠢᠯᠠᠭᠰᠠᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ᠎ᠡ ᠃ ᠣᠷᠳᠣᠰ ᠤᠨ ᠲᠣᠭᠠᠨ ᠤ ᠤᠬᠠᠭᠠᠨ ᠤ ᠲᠥᠪ ᠢ ᠪᠥᠲᠥᠭᠡᠨ ᠪᠠᠶᠢᠭᠤᠯᠤᠨ᠎ᠠ ᠃ ᠤᠳᠤ ᠪᠠᠶᠢᠭ᠎ᠠ ᠡᠭᠦᠯᠡᠨ ᠪᠤᠳᠤᠯᠳᠠ ᠶᠢᠨ ᠲᠥᠪ ᠢᠶᠠᠷ ᠰᠠᠭᠤᠷᠢ ᠪᠣᠯᠭᠠᠵᠤ᠂ ᠬᠠᠨ ᠦ ᠵᠢᠢ ᠰᠢᠨᠵᠢᠯᠡᠬᠦ ᠤᠬᠠᠭᠠᠨ ᠮᠡᠷᠭᠡᠵᠢᠯ᠂ ᠱᠤ᠋ ᠭᠤᠸᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠪᠤᠳᠤᠬᠤ ᠴᠢᠳᠠᠪᠤᠷᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠲᠠᠢ ᠬᠠᠮᠲᠤᠷᠠᠯᠴᠠᠵᠤ᠂ ᠪᠦᠬᠦ ᠬᠤᠳᠠ ᠶᠢᠨ ᠠᠩᠬᠠᠳᠠᠭᠴᠢ ᠪᠤᠳᠤᠬᠤ ᠴᠢᠳᠠᠪᠤᠷᠢ  ᠶᠢᠨ ᠦᠢᠯᠡᠳᠪᠦᠷᠢᠯᠡᠯ᠂ ᠲᠤᠬᠢᠷᠠᠭᠤᠯᠤᠯᠳᠠ᠂ ᠪᠣᠷᠣᠯᠠᠭᠤᠯᠭ᠎ᠠ ᠪᠠᠷ ᠨᠢᠭᠡ ᠴᠤᠬᠴᠠᠵᠢᠭᠤᠯᠤᠬᠰᠠᠨ ᠲᠣᠭᠠᠨ ᠤ ᠤᠬᠠᠭᠠᠨ ᠤ ᠲᠥᠪ ᠢ ᠲᠦᠷᠦᠭᠦᠯᠡᠨ  ᠪᠠᠶᠢᠭᠤᠯᠤᠨ᠎ᠠ ᠃ ᠨᠠᠩ ᠣᠯᠠᠨ ᠲᠣᠭᠠᠴᠢᠯᠠᠭᠰᠠᠨ ᠴᠢᠳᠠᠪᠤᠷᠢᠲᠠᠨ ᠢ ᠴᠤᠭᠯᠠᠷᠠᠭᠤᠯᠤᠨ᠎ᠠ ᠃ ᠣᠷᠳᠣᠰ ᠤᠨ ᠲᠠᠰ ᠠᠴᠠ ᠳᠠᠪᠠᠭᠰᠠᠨ ᠺᠣᠮᠫᠢᠦ᠋ᠲ᠋ᠧᠷ ᠬᠢᠭᠡᠳ ᠵᠣᠬᠢᠶᠠᠮᠠᠯ ᠣᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠤᠮᠳᠠᠳᠤ ᠤᠯᠤᠰ ᠤᠨ ᠡᠯᠧᠺᠲᠷᠣᠨ ᠨᠡᠶᠢᠭᠡᠮᠯᠢᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠬᠦᠷᠢᠶᠡᠨ ᠳᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠲᠣᠭᠠᠴᠢᠯᠠᠭᠰᠠᠨ ᠠᠵᠤ ᠦᠶᠯᠡᠰ ᠤᠨ ᠲᠥᠷᠥᠯ ᠵᠦᠶᠯ ᠤᠨ ᠪᠠᠶᠢᠷᠢᠰᠢᠭᠤᠯᠤᠯᠲᠠ᠂ ᠲᠣᠭᠠᠴᠢᠯᠠᠭᠰᠠᠨ ᠠᠬᠤᠶ ᠪᠠᠶᠢᠳᠠᠯ  ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠶ ᠶᠢᠨ 《 ᠴᠢᠳᠠᠪᠤᠷᠢᠲᠠᠨ + ᠲᠥᠷᠥᠯ ᠵᠦᠶᠯ 》 ᠢ ᠣᠷᠣᠭᠤᠯᠤᠨ ᠠᠪᠴᠢᠷᠠᠬᠤ ᠬᠤᠲᠣᠭᠤᠷ ᠭᠠᠵᠠᠷ ᠢ ᠦᠨᠡᠨ ᠬᠦ ᠪᠣᠶ ᠪᠣᠯᠭᠠᠨ᠎ᠠ ᠃ ᠵᠢᠯ ᠤᠨ ᠳᠣᠲᠣᠷ᠎ᠠ 10 —15 ᠲᠥᠷᠥᠯ ᠵᠦᠢᠯ ᠢ ᠤᠷᠢᠨ ᠣᠷᠣᠭᠤᠯᠵᠤ᠂ 3 —5 ᠲᠥᠷᠥᠯ ᠵᠦᠢᠯ ᠢ ᠪᠣᠳᠠᠲᠠᠶᠢᠵᠢᠭᠤᠯᠤᠨ᠎ᠠ ᠃  ᠲᠣᠭᠠᠨ ᠤ ᠬᠡᠷᠡᠭᠯᠡᠭᠡᠨ ᠤ ᠦᠵᠡᠭᠳᠡᠯ  ᠢ ᠥᠷᠭᠡᠳᠭᠡᠨ᠎ᠡ᠃ 《  ᠳ᠋ᠥᠸᠧ ᠳ᠋ᠥᠸᠧ ᠦᠨᠡᠯᠡᠯᠲᠡ 》 ᠶᠢᠨ ᠲᠠᠪᠴᠠᠩ ᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠮᠵᠢ ᠶᠢᠨ ᠲᠠᠰ ᠳᠡᠪᠰᠢᠬᠦ ᠶᠢ ᠠᠬᠢᠭᠤᠯᠤᠨ᠂ ᠬᠡᠷᠡᠭᠯᠡᠭᠴᠢᠳ ᠤᠨ ᠪᠡᠶᠡᠴᠢ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠷᠳᠣᠰ ᠤᠨ ᠰᠢᠨ᠎ᠡ ᠡᠨᠧᠷᠭᠢ ᠶᠢᠨ ᠣᠶᠤᠨᠴᠢ ᠰᠦᠯᠵᠢᠶᠡᠨ ᠤ ᠮᠡᠳᠡᠭᠡ ᠵᠠᠩᠭᠢ ᠶᠢᠨ ᠵᠠᠮ ᠬᠠᠷᠢᠯᠴᠠᠭᠠᠨ ᠤ ᠬᠤᠰᠢᠭᠤᠴᠢ ᠣᠷᠣᠨ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠶᠤᠨᠴᠢ ᠰᠦᠯᠵᠢᠶᠡᠨ ᠤ ᠮᠡᠳᠡᠭᠡ ᠵᠠᠩᠭᠢ ᠶᠢᠨ ᠮᠠᠰᠢᠨ ᠲᠡᠷᠭᠡᠨ  ᠤ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠭᠤᠤᠯ ᠬᠤᠲᠠ ᠲᠣᠭᠤᠷᠢᠭ ᠤᠨ ᠲᠡᠷᠭᠡᠨ ᠵᠠᠮ ᠤᠨ ᠡᠭᠦᠯᠡ ᠶᠢ ᠨᠢᠭᠡ ᠴᠣᠭᠴᠠᠵᠢᠭᠤᠯᠬᠤ᠂ ᠪᠦᠷᠢᠨ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠶᠤᠨᠲᠤ ᠰᠦᠯᠵᠢᠶᠡᠵᠢᠭᠰᠡᠨ ᠮᠠᠰᠢᠨ ᠲᠡᠷᠭᠡᠨ ᠤ ᠠᠵᠤ ᠦᠶᠯᠡᠰ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠮ ᠬᠠᠷᠢᠯᠴᠠᠭᠠᠨ ᠤ ᠲᠣᠮᠣ ᠳ᠋ᠠᠶᠢᠲ᠋ᠠ᠂ 5 G ᠬᠢᠭᠡᠳ ᠮᠠᠰᠢᠨ ᠲᠡᠷᠭᠡᠨ ᠤ ᠰᠦᠯᠵᠢᠶᠡᠵᠢᠭᠰᠡᠨ ᠴᠢᠮᠡᠭᠡ ᠬᠤᠯᠪᠣᠭ᠎ᠠ᠂ ᠤᠶᠤᠨᠲᠤ ᠡᠭᠦᠯᠡᠨ ᠡᠵᠡᠮᠰᠢᠯ ᠤᠨ ᠰᠢᠰᠲ᠋ᠧᠮ ᠵᠡᠷᠭᠡ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠤᠨ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭ᠎ᠠ ᠳᠠᠰᠢ ᠨᠡᠪᠴᠢᠨ ᠠᠭᠤᠰᠤᠯᠴᠠᠬᠤ ᠶᠢ ᠪᠡᠶᠡᠯᠡᠭᠦᠯᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠦᠨ᠎ᠡ ᠃       ᠰᠣᠶᠣᠯ ᠵᠢᠭᠤᠯᠴᠢᠯᠠᠯ ᠤᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ ᠃ ᠨᠢᠭᠡ ᠪᠦᠯᠦᠭ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠤᠨ᠎ᠠ ᠃ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠡᠭᠦᠳᠦᠨ ᠪᠠᠶᠢᠭᠤᠯᠬᠤ ᠲᠣᠭᠤᠷᠢᠨ ᠳᠤ᠂ ᠺᠠᠩ ᠵᠧᠨ ᠪᠠᠯᠭᠠᠰᠤ ᠶᠢᠨ ᠬᠤᠶᠠᠳᠤᠭᠠᠷ ᠬᠤᠭᠤᠴᠠᠭ᠎ᠠ᠂ ᠺᠠᠩ ᠯᠢᠦᠶ ᠬᠤ᠋ ᠨᠠᠭᠤᠷ ᠤᠨ ᠬᠥᠪᠡᠭᠡ ᠶᠢᠨ ᠪᠠᠭᠤᠳᠠᠯ᠂ ᠬᠤᠷᠢᠮ ᠨᠠᠶᠢᠷ ᠤᠨ ᠣᠷᠳᠣᠨ ᠢ ᠵᠠᠰᠠᠨ ᠴᠢᠮᠡᠵᠦ ᠥᠭᠡᠷᠡᠴᠢᠯᠡᠨ ᠪᠠᠶᠢᠭᠤᠯᠬᠤ ᠵᠡᠷᠭᠡ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠵᠦ᠂ ᠲᠠᠢ ᠬᠤᠸᠠ ᠶᠢᠨ BOXPARK ᠬᠤᠳᠠᠯᠳᠤᠭᠠᠨ ᠤ ᠶᠠᠪᠠᠭᠠᠨ ᠵᠡᠭᠡᠯᠢ᠂ ᠤᠯᠠᠭᠠᠨᠮᠦ᠋ᠷᠡᠨ ᠦᠵᠡᠮᠵᠢ ᠶᠢᠨ ᠨᠠᠭᠤᠷ ᠤᠨ ᠣᠷᠣᠨ᠂ ᠯᠧ ᠺᠠᠩ ᠪᠠᠭᠠᠷ ᠵᠡᠷᠭᠡ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ᠂ 《 ᠵᠠᠮ ᠥᠩᠭᠡᠷᠡᠬᠦ ᠵᠢᠭᠤᠯᠴᠢᠯᠠᠯ 》 ᠢ 《 ᠬᠤᠨᠤᠭ ᠥᠩᠭᠡᠷᠡᠭᠡᠬᠦ ᠵᠢᠭᠤᠯᠴᠢᠯᠠᠯ 》 ᠪᠣᠯᠭᠠᠵᠤ᠂ ᠬᠥᠮᠦᠨ ᠤ ᠴᠤᠪᠤᠷᠠᠯ ᠢ ᠵᠢᠩᠬᠢᠨᠢ ᠬᠤᠳᠠᠯᠳᠤᠭᠠᠨ ᠤ ᠡᠷᠦᠬᠡ ᠶᠢᠨ ᠤᠷᠤᠰᠬᠠᠯ ᠤᠰᠤ᠂ ᠠᠵᠤ ᠠᠬᠤᠶᠢᠯᠠᠯ ᠤᠨ ᠡᠵᠡᠩᠨᠡᠯᠲᠡ ᠣᠷᠣᠯᠭ᠎ᠠ᠂ ᠬᠤᠲᠠ ᠲᠣᠭᠤᠷᠢᠭ ᠤᠨ ᠬᠡᠷᠡᠭᠯᠡᠭᠡ ᠪᠣᠯᠭᠠᠨ ᠬᠤᠪᠢᠷᠠᠭᠤᠯᠤᠨ᠎ᠠ ᠃ ᠨᠢᠭᠡ ᠪᠦᠯᠦᠭ ᠰᠣᠶᠣᠯ ᠵᠢᠭᠤᠯᠴᠢᠯᠠᠯ ᠤᠨ ᠠᠵᠢᠯᠯᠠᠭ᠎ᠠ  ᠡᠷᠬᠢᠯᠡᠨ᠎ᠡ‌‍ᠤ᠋ ᠃ ᠳᠤᠮᠳᠠᠳᠤ ᠤᠯᠤᠰ ᠠᠴᠠ ᠵᠢᠭᠤᠯᠴᠢᠯᠠᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠵᠢᠴᠢ ᠭᠤᠣᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠶᠢ ᠬᠢᠶ᠎ᠠ ᠪᠠᠭᠰᠢ  ᠲᠣᠭᠤᠷᠢᠭ ᠲᠤ ᠶᠠᠪᠤᠭᠳᠠᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠨᠠᠭᠤᠷ ᠤᠨ ᠲᠣᠭᠤᠷᠢᠭ᠂ ᠲᠡᠷᠭᠡ ᠤᠷᠤᠯᠳᠤᠬᠤ ᠵᠢᠵᠢᠭ ᠪᠠᠯᠭᠠᠰᠤ ᠵᠡᠷᠭᠡ ᠣᠷᠣᠨ ᠪᠦᠰᠡ ᠶᠢ ᠠᠰᠢᠭᠯᠠᠨ᠂ ᠮᠠᠩᠯᠠᠶ ᠰᠢᠯᠭᠠᠷᠠᠭᠤᠯᠬᠤ ᠤᠷᠤᠯᠳᠤᠭᠠᠨ᠂ ᠢᠯᠡ ᠤᠷᠤᠯᠳᠤᠭᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠠᠷ ᠵᠡᠷᠭᠡ ᠳᠠᠶᠢᠴᠢᠯᠠᠬᠤ ᠦᠶᠯᠡᠳᠦᠯ ᠪᠥᠬᠦᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠶ ᠪᠠᠷ ᠡᠷᠭᠢᠯᠡᠨ᠎ᠡ ᠃ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠵᠣᠬᠢᠶᠠᠨ ᠪᠦᠲᠦᠭᠡᠨ᠎ᠡ ᠃ ᠬᠢᠶ᠎ᠠ ᠪᠠᠭᠰᠢ  ᠲᠣᠭᠤᠷᠢᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ 20 ᠵᠢᠯ ᠤᠨ ᠣᠶ ᠶᠢᠨ ᠲᠣᠭᠤᠷᠢᠨ ᠳᠤ ᠬᠢᠶ᠎ᠠ ᠪᠠᠭᠰᠢ  ᠲᠣᠭᠤᠷᠢᠭ ᠤᠨ ᠥᠯᠢᠭᠡᠷ ᠢ ᠰᠠᠶᠢᠲᠤᠷ ᠶᠠᠷᠢᠨ᠎ᠠ᠃ 《 ᠬᠤᠲᠠ ᠶᠢᠨ ᠤᠯᠠᠭᠠᠨᠮᠥ᠋ᠴᠢᠷ 》 ᠢᠶᠠᠷ ᠭᠤᠤᠯ ᠴᠣᠭᠴᠠ ᠪᠣᠯᠭᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠵᠦ᠂ ᠤᠯᠤᠰ ᠤᠨ ᠤᠷᠠᠯᠢᠭ  ᠤᠨ ᠰᠠᠭᠤᠷᠢ ᠮᠥᠩᠭᠦ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ ᠃ ᠰᠢᠷᠢᠰ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢ  ᠲᠥᠰᠥᠪᠯᠡᠨ᠎ᠡ ᠃ 《 ᠳᠤᠯᠠᠭᠠᠨ ᠬᠤᠲᠠ ᠶᠢᠨ ᠴᠣᠩᠬᠤ 》ᠣᠷᠳᠣᠰ ᠤᠨ ᠰᠣᠶᠣᠯ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠳᠡᠯᠭᠡᠷᠡᠭᠦᠯᠬᠦ ᠲᠥᠪ ᠤᠨ ᠪᠦᠲᠦᠭᠡᠨ ᠪᠠᠶᠢᠭᠤᠯᠤᠯᠲᠠ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠲᠥᠪ ᠲᠤ ᠲᠦᠰᠢᠭᠯᠡᠨ ᠬᠢᠶ᠎ᠡ ᠪᠠᠭᠰᠢ ᠶᠢᠨ ᠰᠣᠶᠣᠯ ᠵᠢᠭᠤᠯᠴᠢᠯᠠᠯ ᠤᠨ ᠣᠨᠴᠠᠯᠢᠭ ᠪᠦᠬᠦᠢ ᠭᠢᠯᠠᠰ ᠴᠢᠭ  ᠢ ᠰᠠᠶᠢᠲᠤᠷ ᠤᠬᠠᠭᠤᠯᠤᠨ᠎ᠠ᠃ ᠵᠠᠭᠤᠨ ᠬᠤᠲᠠ ᠶᠢᠨ ᠵᠢᠭᠤᠯᠴᠢᠯᠠᠯ ᠤᠨ ᠬᠤᠯᠪᠣᠭ᠎ᠠ ᠪᠠᠶᠢᠭᠤᠯᠵᠤ᠂ ᠱᠠᠨᠰᠢ᠂ ᠭᠤᠸᠠᠩᠳᠦ᠋ᠩ᠂ ᠭᠦᠶᠵᠧᠦ᠂ ᠾᠧᠪᠧᠶ ᠵᠡᠷᠭᠡ ᠭᠠᠵᠠᠷ ᠯᠤᠭ᠎ᠠ ᠶᠢᠨ ᠰᠣᠶᠣᠯ ᠵᠢᠭᠤᠯᠴᠢᠯᠠᠯ ᠤᠨ ᠤᠬᠠᠭᠤᠯᠭ᠎ᠠ ᠡᠵᠡᠩᠨᠡᠨ ᠪᠣᠷᠣᠯᠠᠭᠤᠯᠬᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠃        ( ᠭᠤᠷᠪᠠ ) ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠣᠪᠣᠶᠢᠯᠭᠠᠵᠤ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠥᠴᠥᠯᠡᠨ᠎ᠡ ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢᠨ ᠠᠵᠠ ᠲᠣᠬᠢᠶᠠᠯ ᠢ ᠠᠰᠢᠭᠯᠠᠵᠤ᠂ ᠰᠢᠨ᠎ᠡ ᠤᠷᠤᠯᠳᠤᠭᠠᠨ ᠤ ᠵᠠᠮ ᠳᠡᠭᠡᠷ᠎ᠡ ᠬᠢᠶ᠎ᠠ ᠪᠠᠭᠰᠢ ᠶᠢᠨ ᠲᠣᠭᠤᠷᠢᠭ ᠤᠨ ᠭᠠᠷᠳᠠᠬᠤ ᠴᠡᠭ ᠢ ᠣᠨᠣᠪᠴᠢᠲᠠᠢ ᠣᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠠᠳᠠᠷᠠᠭᠤᠯᠵᠤ᠂ ᠲᠠᠪᠠᠯᠳᠠᠳᠤ ᠬᠥᠭᠵᠢᠯᠲᠡ ᠶᠢᠨ ᠰᠦᠷ ᠬᠦᠴᠦᠨ ᠢ ᠬᠥᠭᠵᠢᠭᠡᠬᠦ ᠬᠡᠷᠡᠭᠲᠡᠢ ᠃       ᠰᠢᠨᠵᠢᠯᠡᠬᠦ ᠤᠬᠠᠭᠠᠨ ᠮᠡᠷᠭᠡᠵᠢᠯ ᠤᠨ 《 ᠰᠢᠪᠲᠤᠯᠤᠯᠲᠠ 》 ᠶᠢ ᠰᠠᠶᠢᠲᠤᠷ ᠠᠳᠬᠤᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ ᠃ ᠲᠤᠰ ᠱᠠᠲᠤᠨ ᠤ ᠲᠥᠰᠦᠪ ᠤᠨ ᠲᠤᠬᠢᠷᠠᠭᠤᠯᠤᠯᠳᠠ ᠪᠠ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ 1 ᠳ᠋ᠦᠩᠰᠢᠭᠤᠷ ᠲᠥᠭᠦᠷᠢᠭ ᠠᠴᠠ ᠳᠠᠪᠠᠭ᠋ᠤ ᠶᠢ ᠦᠨᠡᠨ ᠬᠦ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠬᠦ ᠳᠤ ᠬᠡᠷᠡᠭᠯᠡᠨ᠎ᠡ᠃ ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠦᠲᠦᠯᠦᠨ ᠵᠢᠯᠣᠭᠤᠳᠴᠤ᠂ ᠨᠡᠩ ᠤᠯᠠᠨ ᠨᠡᠶᠢᠭᠡᠮ ᠤᠨ ᠬᠦᠷᠦᠩᠭᠡ ᠶᠢᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠳᠤ ᠣᠷᠣᠯᠴᠠᠬᠤ ᠶᠢ ᠳᠡᠮᠵᠢᠵᠦ᠂ ᠨᠡᠩ ᠤᠯᠠᠨ 《 ᠵᠢᠩᠬᠢᠨᠢ ᠠᠯᠳᠠ ᠮᠥᠩᠭᠦ 》 ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ ᠃ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ  ᠠᠭᠤᠰᠤᠯᠴᠠᠨ᠎ᠠ ᠃ ᠪᠡᠭᠡᠵᠢᠩ ᠶᠡᠭᠡ ᠰᠤᠷᠭᠠᠭᠤᠯᠢ ᠶᠢᠨ ᠤᠷᠳᠤᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠰᠠᠶᠢᠲᠤᠷ ᠦᠢᠯᠡᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠨ᠎ᠡ᠃ ᠣᠷᠳᠣᠰ ( ᠱᠧᠨᠵᠧᠨ ) ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠳᠠᠮᠵᠢᠭᠤᠯᠤᠨ᠂ ᠲᠡᠷᠢᠭᠦᠨ ᠤ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠲᠠᠢ ᠪᠦᠲᠦᠮᠵᠢᠲᠡᠶ ᠵᠣᠯᠭᠠᠭᠤᠯᠬᠤ ᠶᠢ ᠲᠦᠷᠭᠡᠳᠬᠡᠵᠦ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ 《 ᠲᠥᠪᠯᠡᠷᠡᠭᠦᠯᠦᠨ ᠲᠠᠷᠬᠠᠭᠠᠬᠤ ᠭᠠᠵᠠᠷ 》᠂ ᠬᠡᠷᠡᠭᠯᠡᠭᠡᠨ ᠤ 《 ᠳᠡᠯᠭᠡᠨ ᠦᠵᠡᠭᠦᠯᠬᠦ ᠲᠠᠪᠴᠠᠩ 》 ᠢ ᠪᠠᠶᠢᠭᠤᠯᠤᠨ᠎ᠠ ᠃ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ ᠃ ᠣᠷᠳᠣᠰ ᠤᠨ 《 ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 2 . 0 ᠬᠡᠪᠯᠡᠯ 》 ᠢ ᠰᠠᠶᠢᠲᠤᠷ ᠠᠰᠢᠭᠯᠠᠨ ᠠᠮᠢᠳᠤᠯᠢᠭ ᠬᠡᠷᠡᠭᠯᠡᠵᠦ᠂ ᠪᠥᠬᠦ ᠬᠤᠲᠠ ᠶᠢᠨ ᠴᠢᠳᠠᠪᠤᠷᠢᠲᠠᠨ ᠤ ᠨᠥᠬᠦᠷᠰᠡᠭ ᠬᠡᠯᠪᠡᠷᠢ ᠶᠢᠨ ᠬᠤᠲᠠ ᠶᠢ ᠪᠠᠶᠢᠭᠤᠯᠬᠤ ᠳᠤ ᠠᠰᠢᠭᠲᠠᠶ ᠠᠵᠠ ᠲᠣᠬᠢᠶᠠᠯ ᠢ ᠠᠰᠢᠭᠯᠠᠨ᠂ ᠣᠷᠣᠨ ᠰᠠᠭᠤᠴᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠲᠠᠯ᠎ᠠ ᠪᠠᠷ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠦᠶᠯᠡᠴᠢᠯᠡᠵᠦ᠂ ᠬᠤᠲᠠ  ᠶᠢᠨ ᠱᠠᠲᠤᠨ ᠠᠴᠠ ᠤᠷᠢᠵᠤ ᠠᠪᠴᠢᠷᠠᠭᠰᠠᠨ ᠴᠢᠳᠠᠪᠤᠷᠢᠲᠠᠨ ᠢ ᠬᠢᠶ᠎ᠠ ᠪᠠᠭᠰᠢ ᠶᠢᠨ ᠲᠣᠭᠤᠷᠢᠭ ᠲᠤ ᠦᠯᠡᠳᠡᠭᠡᠬᠦ ᠪᠠᠷ ᠴᠢᠷᠮᠠᠶᠢᠨ᠎ᠠ ᠃ ᠡᠭᠦᠨ ᠤ ᠬᠠᠮᠲᠤ᠂ ᠪᠠᠯᠠ ᠲᠣᠬᠢᠷᠠᠭᠤᠯᠬᠤ᠂ ᠮᠡᠷᠭᠡᠵᠢᠯ ᠢᠶᠠᠷ ᠳᠡᠮᠵᠢᠬᠦ᠂ ᠵᠠᠬ᠎ᠠ ᠳᠡᠯᠭᠡᠭᠦᠷ ᠢᠶᠠᠷ ᠳᠡᠯᠭᠡᠷᠡᠭᠦᠯᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠵᠤ᠂ ᠴᠢᠨᠠᠷ ᠰᠠᠶᠢᠲᠠᠶ ᠴᠢᠳᠠᠪᠤᠷᠢᠲᠠᠨ ᠤ ᠡᠬᠢ ᠪᠠᠶᠠᠯᠢᠭ ᠢᠶᠠᠷ ᠮᠠᠨ ᠤ ᠣᠷᠣᠨ ᠤ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ ᠃       ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠃ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ ᠃ 《 ᠦᠨᠡᠮᠯᠡᠯ ᠥᠬᠡᠶ ᠬᠤᠲᠠ ᠲᠣᠭᠤᠷᠢᠭ 》 ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠪᠥᠬᠦ ᠬᠤᠲᠠ ᠶᠢᠨ 《 ᠦᠨᠡᠮᠯᠡᠯ ᠥᠬᠡᠶ ᠬᠤᠲᠠ 》 ᠶᠢ ᠡᠭᠦᠳᠦᠨ ᠪᠠᠶᠢᠭᠤᠯᠬᠤ ᠳᠤ ᠬᠢᠶ᠎ᠠ ᠪᠠᠭᠰᠢ ᠶᠢᠨ ᠲᠤᠷᠰᠢᠯᠭ᠎ᠠ ᠶᠢ ᠬᠠᠩᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠦ᠋ᠲ᠋ᠣ᠋ ᠦᠵᠦᠭᠦᠷᠯᠢᠭ ᠵᠡᠭᠡᠯᠢ ᠭᠤᠳᠤᠮᠵᠢ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠨᠠᠩ ᠣᠯᠠᠨ ᠵᠦᠶᠯᠡᠰ ᠢ 《 ᠣᠶᠢᠷ᠎ᠠ ᠬᠠᠪᠢ ᠳᠤ ᠪᠠᠨ ᠭᠦᠶᠴᠡᠳᠬᠡᠵᠦ ᠳᠡᠶᠢᠯᠬᠦ᠂ ᠣᠯᠠᠨ  ᠴᠢᠭ  ᠲᠤ ᠭᠦᠶᠴᠡᠳᠬᠡᠵᠦ ᠳᠡᠶᠢᠯᠬᠦ᠂ ᠳᠤᠲᠠᠭᠤ ᠭᠦᠶᠦᠵᠦ ᠲᠦᠷᠭᠡᠨ ᠭᠦᠶᠴᠡᠳᠬᠡᠬᠦ 》 ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠣᠯᠠᠨ ᠲᠦᠮᠡᠨ ᠳᠤ ᠬᠠᠮᠤᠭ ᠤᠨ ᠶᠡᠭᠡ ᠲᠥᠬᠦᠮ ᠪᠠ ᠬᠠᠮᠤᠭ ᠤᠨ ᠰᠢᠯᠢᠳᠡᠭ ᠦᠶᠯᠡᠴᠢᠯᠡᠭᠡ ᠬᠠᠩᠭᠠᠨ᠎ᠠ᠃ ᠪᠦᠬᠦ ᠬᠤᠲᠠ ᠶᠢᠨ 《 ᠲᠠᠪᠤᠨ ᠰᠡᠳᠬᠢᠯ 》 ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ᠂ 《 ᠠᠵᠤ  ᠠᠬᠤᠶᠢᠯᠠᠯ ᠢ ᠳᠤᠯᠠᠭᠠᠴᠠᠭᠤᠯᠬᠤ 》 ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ 《 ᠺᠠᠩ ᠴᠧᠩ ᠬᠤᠲᠠ ᠳᠤ ᠢᠷᠡᠵᠦ ᠪᠦᠬᠦᠨ ᠢ ᠭᠦᠢᠴᠡᠳᠬᠡᠬᠦ 》 ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠠᠯᠳᠠᠷᠰᠢᠭᠤᠯᠤᠨ᠎ᠠ᠃ ᠦᠨᠡᠨᠴᠢ ᠢᠲᠡᠭᠡᠮᠵᠢ ᠶᠢᠨ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠵᠠᠰᠠᠭ  ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠣᠯᠠᠨ  ᠨᠠᠶᠢᠳᠠ ᠶᠢᠨ ᠢᠲᠡᠭᠡᠮᠵᠢ ᠶᠢᠨ  ᠪᠠᠶᠢᠭᠤᠯᠤᠯᠳᠠ ᠶᠢ ᠠᠬᠢᠭᠤᠯᠤᠨ᠎ᠠ ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ  ᠤᠨ ᠥᠷᠢᠰᠥᠯᠳᠦᠭᠡᠨ ᠤ ᠳᠤᠮᠳᠠ ᠠᠶᠤᠯ ᠲᠦᠭᠰᠢᠭᠦᠷᠢ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠪᠠ ᠪᠦᠲᠦᠴᠡ ᠶᠢ ᠰᠢᠯᠢᠳᠡᠭᠵᠢᠭᠦᠯᠵᠦ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ᠂ ᠭᠤᠤᠯᠯᠠᠭᠴᠢ ᠳᠠᠪᠠᠭᠤᠯᠢᠭ ᠢᠶᠠᠨ ᠴᠢᠩᠭᠠᠳᠬᠠᠬᠤ ᠲᠠᠯ᠎ᠠ ᠪᠠᠷ ᠶᠠᠰᠤ ᠴᠢᠨᠠᠷ ᠦᠷ᠎ᠡ ᠪᠦᠲᠦᠮᠵᠢ ᠶᠢ ᠡᠷᠬᠢᠮᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠬᠦᠴᠦᠨ ᠨᠡᠮᠡᠷᠢᠯᠡᠨ᠎ᠡ ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ ᠃ ᠠᠵᠤ ᠠᠬᠤᠶᠢᠯᠠᠯ ᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠦᠨ ᠬᠦᠴᠢᠷᠳᠡᠯ ᠢ ᠨᠢ ᠰᠢᠢᠳᠪᠦᠷᠢᠯᠡᠵᠦ᠂ ᠲᠣᠭᠲᠠᠭᠤᠨ ᠢᠶᠠᠷ ᠬᠥᠭᠵᠢᠭᠦᠯᠦᠨ᠎ᠡ᠃ ᠱᠠᠲᠤᠯᠵᠢᠨ ᠡᠩᠨᠡᠭᠡ ᠶᠢ ᠪᠣᠶᠢᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ 《 ᠨᠢᠭᠡ ᠶᠢ ᠠᠵᠤ ᠠᠬᠤᠶᠢᠯᠠᠯ ᠪᠣᠯᠭᠠᠬᠤ 》᠂ 《 ᠪᠠᠭ᠎ᠠ ᠶᠢ ᠲᠠᠰ ᠳᠡᠪᠰᠢᠭᠦᠯᠬᠦ 》᠂ 《 ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ 》 ᠶᠢ ᠦᠷᠭᠦᠯᠵᠢᠯᠡᠨ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠦᠷᠭᠡᠨ ᠢᠶᠠᠷ ᠦᠰᠦᠨ ᠪᠣᠶᠢᠵᠢᠬᠤ ᠶᠢ ᠬᠥᠲᠥᠯᠥᠨ ᠵᠢᠯᠣᠭᠤᠳᠤᠨ᠎ᠠ ᠃       ᠰᠢᠯᠢᠳᠡᠭ ᠨᠡᠭᠡᠭᠡᠯᠲᠡᠲᠦ ᠪᠠᠶᠢᠷᠢᠰᠢᠯ  ᠢ ᠪᠤᠢ ᠪᠤᠯᠭᠠᠨ᠎ᠠ᠃ ᠭᠠᠳᠠᠭᠠᠳᠤ ᠬᠠᠮᠲᠤᠷᠠᠯᠴᠠᠭ᠎ᠠ ᠪᠠᠨ ᠴᠢᠩᠭᠠᠳᠬᠠᠨ᠎ᠠ ᠃ 《 ᠴᠢᠯᠥᠭᠡᠲᠦ ᠠᠷᠠᠯᠵᠢᠶᠠᠨ ᠤ ᠣᠷᠣᠨ  ᠢ ᠡᠭᠦᠳᠦᠨ ᠪᠠᠶᠢᠭᠤᠯᠬᠤ 》 ᠢᠨᠵᠧᠨᠧᠷᠢᠩ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠪᠣᠯᠬᠤ ᠬᠢᠶ᠎ᠠ ᠪᠠᠭᠰᠢ ᠶᠢᠨ ᠭᠠᠷᠳᠠᠬᠤ ᠴᠡᠭ ᠢ ᠣᠨᠣᠪᠴᠢᠲᠠᠶ ᠣᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠬᠦᠴᠦᠨ ᠵᠦᠶᠯ ᠢ ᠳᠣᠭᠢᠷᠠᠭᠤᠯᠬᠤ ᠲᠠᠯ᠎ᠠ ᠪᠠᠷ ᠮᠠᠨ ᠤ  ᠲᠤᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠴᠢᠨᠠᠷ ᠰᠠᠶᠢᠲᠠᠶ ᠭᠠᠳᠠᠭᠠᠳᠤ ᠪᠠᠯᠠ ᠶᠢᠨ ᠠᠵᠤ ᠠᠬᠤᠶᠢᠯᠠᠯ ᠳᠠᠰᠢ ᠬᠡᠯᠪᠡᠶᠢᠯᠭᠡᠵᠦ᠂ ᠭᠠᠳᠠᠭᠠᠳᠤ ᠪᠠᠯᠠ ᠶᠢ ᠪᠣᠳᠠᠲᠠᠶ ᠠᠰᠢᠭᠯᠠᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠎ᠠ ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ ᠃ ᠬᠥᠭᠵᠢᠯᠲᠡ ᠶᠢᠨ ᠣᠷᠣᠨ ᠠᠯᠤᠰᠯᠠᠭᠰᠠᠨ ᠬᠠᠷᠢᠶ᠎ᠠ ᠭᠠᠵᠠᠷ ᠤᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠵᠠᠭᠪᠤᠷ᠂ ᠣᠷᠣᠨ ᠠᠯᠤᠰᠯᠠᠭᠰᠠᠨ ᠬᠠᠷᠢᠶ᠎ᠠ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠣᠷᠣᠨ ᠠᠯᠤᠰᠯᠠᠭᠰᠠᠨ ᠬᠠᠷᠢᠶ᠎ᠠ ᠭᠠᠵᠠᠷ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭ᠎ᠠ ᠳᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠶ ᠠᠬᠢᠭᠤᠯᠤᠨ᠎ᠠ᠃ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠬᠢᠨ ᠲᠣᠭᠤᠷᠢᠨ ᠢ ᠬᠠᠮᠤᠷᠤᠭᠰᠠᠨ ᠬᠤᠶᠠᠳᠤᠭᠠᠷ ᠳᠡᠰ ᠤᠨ ᠪᠠᠷᠠᠭᠠᠨ ᠤ ᠭᠦᠶᠯᠭᠡᠭᠡᠨ ᠤ ᠵᠠᠩᠭᠢᠶᠠᠰᠤ ᠶᠢ ᠴᠢᠷᠮᠠᠶᠢᠨ ᠪᠠᠶᠢᠭᠤᠯᠵᠤ᠂ ᠨᠢᠭᠡ ᠪᠦᠯᠦᠭ ᠤᠶᠤᠨᠲᠤ ᠲᠦᠷᠭᠡᠨ ᠢᠯᠡᠭᠡᠯᠲᠡ ᠶᠢᠨ ᠥᠷᠲᠡᠭᠡ ᠶᠢ ᠨᠠᠮᠠᠨ ᠪᠠᠶᠢᠭᠤᠯᠵᠤ᠂ ᠳᠠᠮᠵᠢᠭᠤᠯᠬᠤ ᠶᠢ ᠤᠯᠠᠮ ᠨᠢᠭᠡ ᠠᠯᠬᠤᠮ ᠪᠠᠭᠠᠰᠬᠠᠨ᠂ ᠥᠪᠡᠷ ᠤᠨ ᠥᠷᠲᠡᠭ ᠢ ᠪᠠᠭᠤᠷᠠᠭᠤᠯᠵᠤ᠂ ᠣᠯᠠᠨ ᠲᠦᠮᠡᠨ ᠳᠤ ᠲᠥᠬᠦᠮ ᠦᠵᠡᠭᠦᠯᠦᠨ᠎ᠡ ᠃      ( ᠳᠥᠷᠪᠡ ) ᠳᠠᠪᠠᠭᠤᠯᠢᠭ ᠣᠨᠴᠠᠯᠢᠭ ᠢᠶᠠᠨ ᠲᠣᠪᠣᠶᠢᠯᠭᠠᠨ᠂ ᠰᠤᠷᠭᠠᠨ ᠬᠥᠮᠦᠵᠢᠯ ᠤᠨ ᠨᠡᠷᠡᠲᠦ ᠬᠤᠲᠠ ᠶᠢ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠥᠴᠥᠯᠡᠨ᠎ᠡ᠃ ᠪᠠᠯᠴᠢᠷ ᠲᠤᠨᠢ ᠰᠠᠶᠢᠨ ᠬᠥᠮᠦᠵᠢᠯ ᠲᠠᠢ᠂ ᠰᠤᠷᠤᠯᠭ᠎ᠠ ᠳᠤᠨᠢ ᠰᠠᠶᠢᠨ ᠰᠤᠷᠭᠠᠨ ᠬᠥᠮᠦᠵᠢᠯ ᠲᠠᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ  ᠢ ᠪᠠᠶᠢᠭᠤᠯᠵᠤ᠂ 《 ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠨᠡᠷᠡᠳᠤ ᠬᠤᠳᠠ 》 ᠶᠢᠨ ᠠᠯᠳᠠᠨ ᠦᠰᠦᠭᠲᠦ ᠫᠠᠶᠢᠰᠠ ᠶᠢ ᠡᠯᠭᠦᠵᠦ ᠂ ᠠᠷᠠᠳ ᠤᠯᠠᠨ ᠤ 《 ᠰᠠᠶᠢᠨ ᠰᠤᠷᠤᠯᠴᠠᠬᠤ 》 ᠰᠠᠶᠢᠨ ᠰᠠᠶᠢᠬᠠᠨ ᠬᠦᠰᠡᠯ ᠡᠷᠡᠮᠡᠯᠵᠡᠯ ᠢ ᠨᠡᠩ ᠰᠠᠶᠢᠨ ᠬᠠᠩᠭᠠᠨ᠎ᠠ ᠃       ᠴᠢᠨᠠᠷ ᠰᠠᠶᠢᠲᠠᠢ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ ᠃ ᠦᠷᠭᠦᠯᠵᠢᠯᠡᠨ ᠶᠡᠷᠦᠩᠬᠡᠶ ᠬᠡᠮᠵᠢᠶ᠎ᠡ ᠨᠡᠮᠡᠭᠳᠡᠭᠦᠯᠥᠨ᠎ᠡ ᠃ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠂ ᠨᠠᠶᠮᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠳᠣᠯᠣᠳᠤᠭᠠᠷ ᠳᠤᠮᠳᠠᠳᠤ ᠰᠤᠷᠭᠠᠭᠤᠯᠢ ᠵᠡᠷᠭᠡ 6 ᠵᠦᠶᠯ ᠤᠨ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠦᠨ᠎ᠡ ᠃ ᠡᠭᠦᠨ ᠳᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠬᠡᠰᠡᠭ ᠤᠨ ᠰᠤᠷᠭᠠᠭᠤᠯᠢ ᠶᠢᠨ ᠲᠣᠭᠤᠷᠢᠭ᠂ ᠬᠤᠶᠠᠳᠤᠭᠠᠷ ᠳᠤᠮᠳᠠᠳᠤ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠵᠡᠭᠦᠨ ᠬᠡᠰᠡᠭ ᠤᠨ ᠰᠤᠷᠭᠠᠭᠤᠯᠢ ᠶᠢᠨ ᠲᠣᠭᠤᠷᠢᠭ ᠢ ᠡᠨᠡ ᠵᠢᠯ  ᠪᠠᠷᠢᠵᠤ ᠲᠠᠭᠤᠰᠬᠠᠬᠤ ᠪᠥᠭᠡᠳ ᠵᠠᠯᠭᠠᠭ᠎ᠠ ᠪᠠᠷ ᠠᠰᠢᠭᠯᠠᠯᠲᠠ ᠳᠤ  ᠤᠷᠤᠭᠤᠯᠤᠨ᠎ᠠ ᠃ ᠬᠠᠭᠤᠴᠢᠨ ᠰᠤᠷᠭᠠᠭᠤᠯᠢ ᠶᠢ ᠥᠭᠡᠷᠡᠴᠢᠯᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠠᠭᠤᠴᠢᠨ ᠰᠤᠷᠭᠠᠭᠤᠯᠢ  ᠶᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠪᠦᠯᠦᠭ ᠤᠳᠠᠭ᠎ᠠ ᠬᠤᠪᠢᠶᠠᠨ  ᠰᠠᠶᠢᠳᠤᠷ ᠬᠢᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ ᠤᠨ ᠬᠠᠭᠤᠴᠢᠨ ᠪᠠᠭᠤᠷᠢ ᠶᠢ ᠨᠢᠭᠡ ᠳᠤᠮᠳᠠᠳᠤ ᠰᠤᠷᠭᠠᠭᠤᠯᠢ᠂ ᠨᠢᠭᠡ ᠪᠠᠭ᠎ᠠ ᠰᠤᠷᠭᠠᠭᠤᠯᠢ ᠪᠣᠯᠭᠠᠨ ᠥᠭᠡᠷᠡᠴᠢᠯᠡᠵᠦ᠂ 3600 ᠰᠢᠯᠢᠳᠡᠭ  ᠰᠤᠷᠤᠯᠭ᠎ᠠ  ᠶᠢᠨ ᠤᠷᠤ ᠶᠢ ᠰᠢᠨ᠎ᠡ ᠪᠠᠷ ᠨᠡᠮᠡᠭᠳᠡᠭᠦᠯᠵᠦ᠂ ᠬᠡᠦᠬᠡᠳ ᠤᠳ ᠲᠤ ᠭᠡᠷ ᠤᠨ ᠡᠭᠦᠳᠡᠨ ᠳᠤ ᠪᠠᠨ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ ᠃ ᠰᠤᠷᠭᠠᠭᠤᠯᠢ ᠶᠢᠨ ᠬᠦᠷᠢᠶᠡᠨ ᠤ ᠲᠣᠭᠠᠴᠢᠯᠠᠭᠰᠠᠨ ᠡᠨᠧᠷᠭᠢ ᠣᠯᠭᠤᠬᠤ ᠥᠭᠡᠷᠡᠴᠢᠯᠡᠯᠲᠡ ᠶᠢ ᠠᠬᠢᠭᠤᠯᠤᠨ᠎ᠠ ᠃ ᠣᠶᠤᠨᠴᠢ ᠲᠥᠬᠦᠭᠡᠷᠦᠮᠵᠢ ᠲᠣᠨᠤᠭ ᠲᠥᠬᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠲᠣᠬᠢᠷᠠᠭᠤᠯᠵᠤ᠂ ᠣᠶᠤᠨᠴᠢᠯᠠᠭᠰᠠᠨ᠂ ᠳ᠋ᠠᠶᠢᠲ᠋ᠠᠴᠢᠯᠠᠭᠰᠠᠨ᠂ ᠬᠡᠶᠢᠰᠪᠦᠷᠢᠵᠢᠭᠦᠯᠦᠭᠰᠡᠨ 《 ᠠᠭᠤᠰᠤᠯᠴᠠᠭᠰᠠᠨ ᠬᠢᠴᠢᠶᠡᠯ ᠤᠨ ᠲᠠᠩᠬᠢᠮ 》 ᠢ ᠪᠠᠶᠢᠭᠤᠯᠵᠤ᠂ ᠪᠠᠭᠰᠢ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠬᠦᠨᠳᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ ᠃       ᠡᠯ᠎ᠡ ᠰᠤᠷᠤᠯᠭ᠎ᠠ ᠶᠢᠨ ᠱᠠᠲᠤᠨ ᠤ ᠪᠦᠬᠦ ᠲᠠᠯ᠎ᠠ ᠶᠢᠨ ᠬᠥᠭᠵᠢᠯᠲᠡ ᠶᠢ ᠭᠦᠨᠵᠡᠭᠡᠶᠢᠷᠡᠭᠦᠯᠦᠨ᠎ᠡ ᠃ ᠠᠩᠬᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠦᠭᠡᠮᠡᠯᠵᠢᠯᠲᠡ ᠶᠢ ᠠᠬᠢᠭᠤᠯᠤᠨ᠎ᠠ ᠃ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ ᠠᠩᠬᠠᠨ ᠤ ᠬᠥᠮᠦᠵᠢᠯ ᠤᠨ ᠲᠥᠪ ᠤᠨ ᠲᠤᠷᠰᠢᠯᠲᠠ ᠶᠢᠨ ᠴᠡᠭ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠠᠷᠭ᠎ᠠ ᠵᠠᠮ᠂ ᠣᠯᠠᠨ ᠠᠷᠭ᠎ᠠ ᠬᠡᠯᠪᠡᠷᠢ ᠪᠠᠷ ᠨᠠᠩ ᠣᠯᠠᠨ ᠬᠡᠦᠬᠡᠳ ᠰᠠᠭᠠᠲᠠᠭᠤᠯᠬᠤ ᠬᠥᠮᠦᠵᠢᠯ ᠤᠨ ᠲᠥᠪ ᠢ ᠪᠠᠶᠢᠭᠤᠯᠵᠤ᠂ 《 ᠠᠷᠪᠠᠨ ᠲᠠᠪᠤᠨ ᠮᠢᠨᠦ᠋ᠲ ᠤᠨ ᠬᠡᠦᠬᠡᠳ ᠰᠠᠭᠠᠲᠠᠭᠤᠯᠬᠤ ᠦᠶᠯᠡᠴᠢᠯᠡᠭᠡᠨ ᠤ ᠲᠣᠭᠤᠷᠢᠭ 》 ᠢ ᠠᠯᠬᠤᠮ ᠠᠯᠬᠤᠮ ᠢᠶᠠᠷ ᠪᠦᠷᠢᠯᠳᠦᠭᠦᠯᠵᠦ᠂ 《 ᠬᠠᠮᠤᠭ ᠤᠨ ᠵᠥᠭᠡᠯᠡᠨ ᠬᠥᠮᠦᠰ 》 ᠲᠤ 《 ᠬᠠᠮᠤᠭ ᠤᠨ ᠰᠡᠳᠬᠢᠯ ᠠᠮᠤᠷ ᠬᠠᠷᠠᠭᠠᠯᠵᠠᠨ ᠠᠰᠠᠷᠠᠬᠤ 》 ᠪᠣᠯᠭᠠᠨ᠎ᠠ ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ ᠢ ᠠᠬᠢᠭᠤᠯᠤᠨ᠎ᠠ ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ  ᠰᠤᠷᠤᠯᠭ᠎ᠠ ᠶᠢᠨ ᠤᠷᠤ ᠶᠢᠨ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠶᠯᠡᠴᠢᠯᠡᠭᠡ ᠬᠠᠩᠭᠠᠬᠤ ᠶᠢ ᠢᠳᠡᠪᠬᠢᠲᠡᠶ ᠲᠡᠳᠬᠦᠨ ᠳᠡᠮᠵᠢᠨ᠎ᠡ ᠃ ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠭᠦᠨᠵᠡᠭᠡᠶ ᠵᠣᠯᠭᠠᠭᠤᠯᠬᠤ ᠶᠢ ᠲᠦᠯᠬᠢᠨ ᠠᠬᠢᠭᠤᠯᠵᠤ᠂ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠃ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠬᠤ ᠶᠢ ᠠᠬᠢᠭᠤᠯᠤᠨ᠎ᠠ ᠃ ᠥᠨᠳᠥᠷ ᠪᠠᠷᠢᠮᠵᠢᠶ᠎ᠠ ᠪᠠᠷ ᠤᠯᠤᠰ ᠤᠨ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠵᠢᠱᠢᠶ᠎ᠡ ᠦᠵᠡᠭᠦᠯᠬᠦ ᠣᠷᠣᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠲᠤᠷᠰᠢᠯᠭ᠎ᠠ ᠪᠠᠨ ᠳ᠋ᠥᠡᠭᠨᠡᠵᠤ ᠪᠦᠬᠦ ᠤᠯᠤᠰ ᠲᠤ ᠲᠡᠯᠭᠡᠷᠡᠭᠦᠯᠥᠨ᠎ᠡ᠃ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠰᠡᠳᠬᠢᠴᠡ ᠪᠠᠨ ᠪᠠᠲᠤᠳᠬᠠᠵᠤ᠂ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠬᠢᠶ᠎ᠠ ᠪᠠᠭᠰᠢ ᠶᠢᠨ ᠬᠡᠪ ᠵᠠᠭᠪᠤᠷ ᠢ ᠭᠦᠨᠵᠡᠭᠡᠶᠢᠷᠡᠭᠦᠯᠵᠦ᠂ ᠡᠷᠭᠢᠨ ᠲᠣᠭᠤᠷᠢᠨ ᠤ ᠭᠠᠵᠠᠷ ᠣᠷᠣᠨ ᠤ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠵᠢᠱᠢᠶ᠎ᠡ ᠦᠵᠡᠭᠦᠯᠬᠦ ᠳᠤ ᠦᠯᠢᠭᠡᠷ ᠳᠠᠭᠤᠷᠢᠶᠠᠯ ᠪᠣᠯᠬᠤ ᠬᠡᠷᠡᠭᠲᠡᠶ ᠃ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠪᠦᠷᠬᠦᠴᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠡᠨᠡ ᠵᠢᠯ ᠰᠤᠷᠭᠠᠨ ᠬᠥᠮᠦᠵᠢᠯ ᠤᠨ ᠪᠦᠯᠦᠭᠯᠡᠯ 2 ᠢ ᠰᠢᠨ᠎ᠡ ᠪᠠᠷ ᠪᠠᠶᠢᠭᠤᠯᠤᠨ᠎ᠠ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠣᠨᠴᠠᠯᠢᠭ ᠢ ᠠᠬᠢᠭᠤᠯᠤᠨ᠎ᠠ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠨᠠᠶᠮᠠᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ  ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠴᠢᠷᠮᠠᠶᠢᠨ ᠡᠭᠦᠳᠦᠨ ᠪᠠᠶᠢᠭᠤᠯᠤᠨ᠎ᠠ ᠃       ᠰᠤᠷᠭᠠᠨ ᠬᠥᠮᠦᠵᠢᠯ ᠤᠨ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ ᠃ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠴᠢᠩᠭᠠᠷᠠᠭᠤᠯᠤᠨ᠎ᠠ ᠃ ᠰᠠᠶᠢᠨ ᠰᠤᠷᠭᠠᠭᠤᠯᠢ᠂ ᠰᠠᠶᠢᠨ ᠵᠠᠬᠢᠷᠤᠯ᠂ ᠰᠠᠶᠢᠨ ᠪᠠᠭᠰᠢ᠂ ᠰᠠᠶᠢᠨ ᠰᠠᠶᠢᠬᠠᠨ ᠢᠷᠡᠭᠡᠳᠦᠶ᠂ ᠰᠠᠶᠢᠨ ᠰᠠᠶᠢᠬᠠᠨ ᠠᠮᠢ ᠠᠬᠤᠶ ᠶᠢᠨ 《 ᠲᠠᠪᠤᠨ ᠰᠠᠶᠢᠨᠲᠠᠶ ᠰᠤᠷᠭᠠᠨ ᠬᠥᠮᠦᠵᠢᠯ 》 ᠤᠨ ᠠᠷᠭ᠎ᠠ ᠵᠠᠮ ᠢᠶᠠᠷ ᠳᠠᠮᠵᠢᠭᠤᠯᠤᠨ᠂ 《 ᠰᠠᠶᠢᠨ ᠰᠠᠶᠢᠬᠠᠨ ᠰᠤᠷᠭᠠᠨ ᠬᠥᠮᠦᠵᠢᠯ 》 ᠤᠨ ᠨᠠᠷᠠᠲᠤ ᠲᠥᠷᠥᠯ ᠲᠡᠮᠳᠡᠭᠲᠦ ᠶᠢ ᠤᠯᠠᠮ ᠢᠯᠡᠭᠦᠦ ᠭᠢᠯᠠᠯᠵᠠᠭᠤᠯᠤᠨ᠎ᠠ᠃ 《  ᠬᠢᠶ᠎ᠠ ᠪᠠᠭᠰᠢ 》 ᠶᠢ ᠳᠤᠯᠠᠭᠠᠴᠠᠭᠤᠯᠬᠤ ᠠᠷᠪᠠᠨ ᠶᠡᠭᠡ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠣᠷᠣᠨ ᠰᠠᠭᠤᠴᠠ᠂ ᠡᠪᠡᠳᠴᠢᠨ ᠦᠵᠡᠭᠦᠯᠬᠦ᠂ ᠬᠦᠴᠢᠷᠳᠡᠯ ᠢ ᠲᠤᠰᠠᠯᠠᠬᠤ ᠵᠡᠷᠭᠡ ᠲᠠᠯ᠎ᠠ ᠪᠠᠷ ᠪᠠᠭᠰᠢ ᠶᠢ ᠤᠯᠠᠮ ᠨᠢᠭᠡ ᠠᠯᠬᠤᠮ ᠬᠡᠯᠪᠡᠶᠢᠯᠭᠡᠵᠦ᠂ 《 ᠰᠡᠳᠬᠢᠯ ᠢ ᠳᠤᠯᠠᠭᠠᠴᠠᠭᠤᠯᠬᠤ 》 ᠨᠠᠷᠠᠲᠤ ᠲᠡᠮᠳᠡᠭ ᠢ ᠤᠯᠠᠮ ᠠᠮᠢᠳᠤᠯᠢᠭ ᠪᠣᠯᠭᠠᠨ᠎ᠠ ᠃ ᠣᠶᠢᠯᠠᠭᠠᠭᠳᠠᠬᠤᠨ ᠤ ᠭᠠᠷᠭᠠᠯᠲᠠ ᠶᠢ  ᠰᠥᠪᠡᠭᠴᠢᠯᠡᠨ᠎ᠡ ᠃ ᠳ᠋ᠠ ᠯᠢᠦ ᠲᠠ ᠪᠠᠭᠠᠴᠤᠳ ᠤᠨ ᠣᠷᠳᠣᠨ ᠤ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠶᠢᠳᠠᠨ ᠬᠠᠮᠢᠶᠠᠷᠤᠭᠤᠯᠬᠤ ᠵᠠᠭᠪᠤᠷ ᠢ ᠲᠡᠭᠦᠯᠳᠡᠷᠵᠢᠭᠦᠯᠵᠦ᠂ ᠨᠡᠩ ᠤᠯᠠᠨ ᠭᠠᠵᠠᠷ ᠣᠷᠣᠨ ᠯᠤᠭ᠎ᠠ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭ᠎ᠠ ᠥᠷᠨᠢᠭᠦᠯᠬᠦ ᠪᠠᠷ ᠴᠢᠷᠮᠠᠶᠢᠨ᠎ᠠ᠃ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠳᠤ ᠬᠢᠶ᠎ᠡ ᠪᠠᠭᠰᠢ ᠶᠢᠨ ᠬᠦᠴᠦᠨ ᠢ ᠨᠡᠮᠡᠷᠢᠯᠡᠨ᠎ᠡ᠃ ᠭᠡᠷ ᠪᠦᠯᠢ ᠰᠤᠷᠭᠠᠭᠤᠯᠢ  ᠨᠠᠶᠢᠬᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ ᠤᠯᠤᠰ  ᠤᠨ ᠲᠡᠰ ᠤᠨ ᠰᠡᠳᠦᠪ ᠤᠨ ᠰᠤᠳᠤᠯᠭᠠᠨ ᠢ ᠦᠷᠭᠦᠯᠵᠢᠯᠡᠨ ᠠᠬᠢᠭᠤᠯᠵᠤ᠂ ᠬᠢᠶ᠎ᠡ ᠪᠠᠭᠰᠢ ᠶᠢᠨ ᠣᠨᠴᠠᠯᠢᠭ ᠲᠠᠢ᠂ ᠪᠦᠬᠦ ᠤᠯᠤᠰ ᠢ ᠨᠥᠯᠥᠭᠡᠯᠡᠬᠦ ᠰᠤᠳᠤᠯᠭᠠᠨ ᠤ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠦᠨ᠎ᠡ ᠃       ( ᠲᠠᠪᠤ ) ᠪᠦᠬᠦ ᠣᠷᠣᠨ ᠪᠦᠰᠡ ᠶᠢᠨ ᠭᠤᠸ᠎ᠠ ᠰᠠᠶᠢᠬᠠᠨ ᠢ ᠳᠣᠪᠣᠶᠢᠯᠭᠠᠵᠤ᠂ ᠴᠢᠨᠡᠭᠡᠯᠢᠭ ᠬᠤᠲᠠ ᠶᠢᠨ ᠬᠡᠪ ᠨᠠᠮᠪᠠ ᠶᠢ ᠪᠤᠢ ᠪᠣᠯᠭᠠᠬᠤ ᠲᠠᠯ᠎ᠠ ᠪᠠᠷ ᠦᠷᠭᠦᠯᠵᠢᠯᠡᠨ ᠬᠥᠴᠥᠯᠡᠨ᠎ᠡ ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢ ᠪᠥᠲᠥᠭᠡᠨ ᠪᠠᠶᠢᠭᠤᠯᠬᠤ  ᠳᠤ ᠤᠷᠢᠳ ᠢᠶᠠᠷ ᠵᠢᠱᠢᠶ᠎ᠡ ᠦᠵᠡᠭᠦᠯᠵᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠡᠷ ᠣᠷᠣᠨ ᠢ ᠴᠣᠭᠴᠠᠯᠠᠵᠤ᠂ ᠬᠤᠲᠠ ᠶᠢᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠨ᠎ᠠ ᠃       ᠴᠢᠳᠠᠮᠵᠢ ᠨᠢ ᠪᠦᠷᠢᠨ ᠲᠡᠭᠦᠯᠳᠡᠷ ᠴᠢᠨᠠᠷ ᠰᠠᠶᠢᠲᠠᠶ ᠬᠤᠲᠠ  ᠲᠣᠭᠤᠷᠢᠭ ᠢ ᠪᠠᠶᠢᠭᠤᠯᠤᠨ᠎ᠠ ᠃ ᠬᠤᠲᠠ ᠶᠢᠨ ᠴᠢᠳᠠᠮᠵᠢᠲᠤ ᠣᠷᠣᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ ᠃  ᠬᠤᠶᠢᠳᠤ ᠲᠤᠭᠤᠷᠢᠭ ᠤᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂  ᠬᠤᠶᠢᠳᠤ ᠲᠤᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂  ᠬᠤᠶᠢᠳᠤ ᠲᠤᠭᠤᠷᠢᠭ  ᠢ ᠦᠨᠡᠨ ᠬᠦ ᠬᠥᠮᠦᠰ ᠤᠨ ᠬᠦᠰᠡᠨ ᠡᠷᠡᠮᠡᠯᠵᠡᠳᠡᠭ ᠬᠤᠳᠠ ᠶᠢᠨ ᠠᠷᠤ ᠴᠡᠴᠡᠷᠯᠢᠭ ᠪᠣᠯᠭᠠᠨ᠎ᠠ᠃ ᠬᠤᠲᠠ ᠶᠢᠨ ᠲᠣᠭᠤᠷᠢᠭ ᠤᠨ ᠳᠤᠮᠳᠠ ᠲᠡᠩᠭᠡᠯᠢᠭ ᠱᠤᠭᠤᠮ ᠢᠶᠠᠷ ᠲᠥᠪ ᠪᠣᠯᠭᠠᠵᠤ᠂ ᠭᠤᠤᠯ ᠬᠤᠲᠠ ᠶᠢᠨ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠵᠡᠭᠦᠨ ᠬᠡᠰᠡᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠬᠤᠲᠠ ᠶᠢᠨ ᠵᠢᠷᠤᠭ ᠲᠥᠯᠥᠪᠯᠡᠭᠡ ᠶᠢᠨ ᠲᠥᠰᠦᠯ ᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢ ᠡᠷᠲᠡᠬᠡᠨ ᠡᠬᠢᠯᠡᠭᠦᠯᠦᠨ ᠬᠡᠷᠡᠭᠵᠢᠭᠦᠯᠵᠦ᠂ ᠬᠤᠲᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠷᠠᠳ ᠤᠨ ᠠᠮᠢᠳᠤᠷᠠᠯ ᠤᠨ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠨ᠎ᠡ ᠃ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 《 ᠬᠤᠤᠰ ᠢᠯᠴᠢ ᠡᠭᠦᠰᠭᠡᠭᠴᠢ 》 《 ᠬᠤᠤᠰ ᠵᠠᠮ 》 ᠤᠨ ᠬᠤᠲᠠ ᠶᠢᠨ ᠢᠯᠴᠢ ᠶᠢᠨ ᠲᠣᠤᠷ ᠢ ᠪᠠᠶᠢᠭᠤᠯᠵᠤ᠂ ᠠᠷᠠᠳ ᠣᠯᠠᠨ ᠤ ᠳᠤᠯᠠᠭᠠᠬᠠᠨ ᠡᠪᠦᠯᠵᠢᠬᠦ ᠶᠢ ᠪᠠᠲᠤᠯᠠᠨ᠎ᠠ᠃ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠥᠭᠡᠷᠡᠴᠢᠯᠡᠵᠦ ᠪᠣᠯᠬᠤ ᠶᠢ  ᠨᠢ ᠥᠭᠡᠷᠡᠴᠢᠯᠡᠭᠦᠯᠬᠦ ᠪᠠᠷ  ᠴᠢᠷᠮᠠᠶᠢᠨ᠎ᠠ᠃ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ 《 ᠨᠠᠰᠤᠲᠠᠨ ᠪᠠ ᠨᠢᠯᠬ᠎ᠠ 》 ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠬᠠᠩᠭᠠᠨ᠎ᠠ᠃ ᠳ᠋ᠦᠩ ᠺᠠᠩ ᠲᠦᠷᠭᠡᠨ ᠵᠠᠮ ( ᠬᠢᠶ᠎ᠠ ᠪᠠᠭᠰᠢ  ᠲᠣᠭᠤᠷᠢᠭ ) ᠢ ᠳᠡᠭᠡᠭᠰᠢᠯᠡᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠬᠤᠲᠠ ᠶᠢᠨ ᠤᠰᠤᠲᠤᠯ ᠢ ᠵᠠᠰᠠᠬᠤ ᠢᠨᠵᠧᠨᠧᠷᠢᠩ ᠢ ᠨᠢᠭᠡ ᠴᠤᠭᠴᠠᠵᠢᠭᠤᠯᠤᠨ ᠠᠬᠢᠭᠤᠯᠤᠨ᠎ᠠ ᠃ ᠰᠢᠨ᠎ᠡ ᠡᠨᠧᠷᠭᠢ ᠶᠢᠨ ᠰᠠᠭᠤᠷᠢ ᠲᠥᠬᠦᠭᠡᠷᠦᠮᠵᠢ ᠶᠢ ᠵᠣᠬᠢᠰᠲᠠᠢ ᠪᠠᠶᠢᠷᠢᠰᠢᠭᠤᠯᠤᠨ᠎ᠠ ᠃ ᠡᠯᠡᠰᠦᠷᠬᠡᠭ ᠭᠠᠵᠠᠷ᠂ ᠠᠲᠠᠷ ᠭᠠᠵᠠᠷ  ᠢ ᠠᠰᠢᠭᠯᠠᠬᠤ ᠪᠠᠷ ᠳᠠᠮᠵᠢᠭᠤᠯᠤᠨ᠂ ᠬᠢᠶ᠎ᠠ ᠪᠠᠭᠰᠢ  ᠲᠣᠭᠤᠷᠢᠭ ᠤᠨ ᠪᠣᠳᠠᠲᠤ ᠪᠠᠶᠢᠳᠠᠯ ᠳᠤ ᠨᠡᠶᠢᠴᠡᠭᠰᠡᠨ ᠲᠥᠪᠯᠡᠷᠡᠩᠭᠦᠶ ᠮᠠᠶ᠋ᠢᠭ ᠤᠨ ᠬᠡᠷᠡᠯ ᠴᠡᠨᠡᠭ ᠢ ᠰᠦᠪᠡᠭᠴᠢᠯᠡᠨ ᠬᠥᠭᠵᠢᠭᠦᠯᠬᠦ ᠶᠢᠨ ᠬᠠᠮᠲᠤ᠂ ᠬᠡᠷ ᠤᠨ ᠣᠷᠣᠶ᠂ ᠵᠠᠰᠠᠮᠠᠯ ᠵᠠᠮ ᠤᠨ ᠬᠤᠶᠠᠷ ᠬᠠᠵᠠᠭᠤ ᠵᠡᠷᠭᠡ ᠡᠬᠢ ᠪᠠᠶᠠᠯᠢᠭ ᠢ ᠠᠰᠢᠭᠯᠠᠵᠤ᠂ ᠲᠠᠷᠬᠠᠮᠠᠯ ᠮᠠᠶ᠋ᠢᠭ ᠤᠨ ᠬᠡᠷᠡᠯ ᠴᠡᠨᠡᠭ  ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠰᠠᠭᠤᠷᠢ ᠪᠡᠯᠡᠳᠬᠡᠮᠵᠢ  ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠵᠠᠮᠴᠢᠯᠠᠬᠤ ᠦᠶᠯᠡᠳᠦᠯ ᠢ ᠪᠠᠷᠢᠮᠲᠠᠯᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠠᠬᠢᠯᠭᠠᠨ ᠴᠡᠨᠡᠭᠯᠡᠬᠦ ᠪᠠᠭᠠᠨ᠎ᠠ ( ᠥᠷᠲᠡᠭᠡ ) ᠶᠢ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠰᠢᠭᠤᠯᠤᠨ᠎ᠠ ᠃       ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠠᠮᠢ ᠠᠬᠤᠶ ᠶᠢᠨ ᠬᠤᠲᠠ ᠶᠢᠨ ᠲᠣᠭᠤᠷᠢᠭ ᠢ ᠪᠦᠲᠦᠭᠡᠨ  ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ  ᠶᠢ ᠴᠢᠩᠭᠠᠳᠬᠠᠨ᠎ᠠ ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠰᠠᠶᠢᠲᠤᠷ ᠬᠢᠵᠦ᠂ ᠭᠤᠤᠯ ᠤᠨ ᠳᠠᠷᠤᠭ᠎ᠠ ᠶᠢᠨ ᠲᠦᠷᠢᠮ᠂ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 《 ᠬᠠᠶᠠᠭᠳᠠᠮᠠᠯ ᠪᠣᠳᠠᠰ ᠥᠬᠡᠶ ᠬᠤᠲᠠ 》 ᠶᠢ ᠲᠦᠷᠭᠡᠳᠬᠡᠨ ᠪᠠᠶᠢᠭᠤᠯᠵᠤ᠂ ᠨᠠᠩ ᠣᠯᠠᠨ ᠨᠡᠶᠢᠭᠡᠮ ᠤᠨ ᠬᠦᠴᠦᠨ ᠢ ᠮᠣᠳᠣ ᠳᠠᠷᠢᠵᠤ ᠣᠶᠢᠵᠢᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠣᠷᠴᠢᠨ ᠠᠬᠤᠶ ᠶᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠪᠣᠬᠢᠷᠲᠤᠯ ᠥᠬᠡᠶ ᠬᠢᠶ᠎ᠠ ᠪᠠᠭᠰᠢ ᠶᠢᠨ ᠲᠣᠭᠤᠷᠢᠭ ᠢ ᠲᠠᠰ ᠳᠡᠪᠰᠢᠭᠦᠯᠬᠦ ᠬᠡᠪ ᠢ ᠪᠣᠶ ᠪᠣᠯᠭᠠᠨ᠎ᠠ ᠃ ᠠᠮᠢ ᠠᠬᠤᠶ ᠶᠢᠨ ᠬᠠᠯᠬᠠᠪᠴᠢ ᠶᠢ ᠪᠠᠶᠢᠭᠤᠯᠤᠨ᠎ᠠ ᠃ ᠯᠸᠢ ᠵᠢᠶᠠ ᠫᠥᠸᠧ ᠶᠢᠨ ᠰᠠᠪᠠ ᠭᠠᠵᠠᠷ ᠤᠨ ᠦᠶᠡᠷ ᠤᠰᠤᠲᠤᠯ ᠢ ᠰᠡᠷᠭᠡᠶᠢᠯᠡᠬᠦ ᠪᠠ ᠠᠮᠢ ᠠᠬᠤᠶ ᠶᠢᠨ ᠬᠠᠮᠠᠭᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ᠂ ᠴᠢᠶᠠᠨ ᠲᠢᠩ ᠱᠠᠨ ᠤ ᠲᠦᠮᠡᠨ ᠮᠥ ᠠᠮᠢ ᠠᠬᠤᠶ ᠶᠢᠨ ᠣᠶ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠬᠥᠮᠦᠨ ᠤ ᠬᠦᠴᠦ ᠪᠠᠷ 2000 ᠮᠥ ᠮᠣᠳᠣ ᠳᠠᠷᠢᠵᠤ᠂ 5000 ᠮᠥ ᠣᠶ ᠰᠢᠭᠤᠶ ᠠᠷᠠᠴᠢᠯᠠᠨ ᠪᠣᠶᠢᠵᠢᠭᠤᠯᠤᠨ᠎ᠠ᠃ ᠠᠪᠤᠬᠠᠢ ᠶᠢᠨ ᠭᠤᠤᠯ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ᠂ ᠦᠦᠰᠢᠨ ᠬᠤᠰᠢᠭᠤᠨ ᠤ ᠨᠡᠭᠦᠷᠡᠰᠦᠨ ᠳᠠᠪᠬᠤᠷᠭ᠎ᠠ ᠶᠢᠨ ᠤᠰᠤ ᠶᠢ ᠲᠤᠩᠭᠠᠯᠠᠭ ᠪᠣᠯᠭᠠᠬᠤ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠪᠤᠬᠠᠢ ᠶᠢᠨ ᠭᠤᠤ ᠶᠢᠨ ᠵᠢᠷᠭᠠᠯᠠᠩᠲᠤ ᠭᠤᠤᠯ ᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ ᠃ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠲᠦᠪᠰᠢᠨ ᠢ ᠳᠡᠭᠡᠭᠰᠢᠯᠡᠭᠦᠯᠦᠨ᠎ᠡ ᠃ ᠨᠠᠩ ᠣᠯᠠᠨ  ᠵᠢᠵᠢᠭ ᠴᠡᠴᠡᠷᠯᠢᠭ᠂ ᠵᠡᠭᠡᠯᠢ ᠶᠢᠨ ᠨᠣᠭᠤᠭᠠᠨ ᠭᠠᠵᠠᠷ ᠢ ᠪᠦᠲᠦᠭᠡᠨ ᠪᠠᠶᠢᠭᠤᠯᠵᠤ᠂ ᠬᠤᠲᠠ ᠶᠢᠨ ᠨᠣᠭᠤᠭᠠᠨ ᠭᠤᠳᠤᠮᠵᠢ  ᠤᠨ ᠨᠣᠭᠤᠭᠠᠨ ᠵᠠᠮ ᠤᠳᠠᠭᠠᠨ ᠶᠠᠪᠤᠬᠤ ᠰᠢᠰᠲ᠋ᠧᠮ ᠢ ᠬᠠᠮᠠᠭᠠᠯᠠᠬᠤ ᠪᠠ ᠵᠦᠯᠭᠡ ᠶᠢ ᠴᠢᠯᠥᠭᠡᠲᠡᠶ ᠪᠣᠯᠭᠠᠵᠤ᠂ ᠬᠤᠲᠠ ᠶᠢᠨ ᠴᠡᠴᠡᠷᠯᠢᠭ ᠪᠠ ᠨᠣᠭᠤᠭᠠᠨ ᠭᠠᠵᠠᠷ ᠤᠨ ᠬᠡᠮᠵᠢᠶ᠎ᠡ ᠶᠢ ᠨᠡᠮᠡᠭᠳᠡᠭᠦᠯᠦᠨ ᠨᠣᠭᠤᠭᠠᠷᠠᠭᠤᠯᠤᠯᠲᠠ ᠶᠢ ᠨᠡᠮᠡᠭᠳᠡᠭᠦᠯᠵᠦ ᠴᠢᠨᠠᠷ ᠢ ᠨᠡᠮᠡᠭᠳᠡᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠣᠷᠣᠰᠢᠭᠰᠠᠨ ᠠᠮᠢ ᠠᠬᠤᠶ ᠨᠥᠬᠦᠷᠰᠡᠭ ᠬᠡᠯᠪᠡᠷᠢ ᠶᠢᠨ ᠬᠤᠲᠠ ᠶᠢ ᠪᠠᠶᠢᠭᠤᠯᠤᠨ᠎ᠠ ᠃      ᠳᠤᠯᠠᠭᠠᠨ ᠬᠤᠲᠠ ᠶᠢ ᠪᠦᠲᠦᠭᠡᠨ ᠪᠠᠶᠢᠭᠤᠯᠤᠨ᠎ᠠ ᠃ ᠣᠶᠤᠨ ᠤᠬᠠᠭᠠᠨ ᠤ ᠬᠠᠮᠢᠶᠠᠷᠤᠯᠲᠠ ᠳᠡᠭᠡᠷ᠎ᠡ ᠬᠦᠴᠦ  ᠲᠠᠯᠪᠢᠨ᠎ᠠ ᠃ 《  ᠳ᠋ᠥᠸᠧ  ᠳ᠋ᠥᠸᠧ ᠦᠨᠡᠯᠡᠯᠲᠡ 》᠂ 《 ᠣᠶᠤᠨᠴᠢ ᠣᠷᠴᠢᠨ ᠲᠣᠭᠤᠷᠢᠨ ᠤ ᠠᠷᠢᠭᠤᠨ ᠴᠡᠪᠡᠷ 》᠂ 《 ᠣᠶᠤᠨᠴᠢ ᠵᠠᠮ ᠬᠠᠷᠢᠯᠴᠠᠭ᠎ᠠ 》 ᠵᠡᠷᠭᠡ ᠡᠯ᠎ᠡ ᠲᠥᠷᠥᠯ ᠤᠨ ᠣᠶᠤᠨᠴᠢ ᠬᠠᠮᠢᠶᠠᠷᠤᠯᠲᠠ ᠶᠢᠨ ᠲᠠᠪᠴᠠᠩ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ ᠪᠠᠷ ᠳᠠᠮᠵᠢᠭᠤᠯᠤᠨ᠂ ᠬᠤᠲᠠ ᠶᠢᠨ ᠬᠠᠮᠢᠶᠠᠷᠤᠯᠲᠠ ᠶᠢ ᠨᠠᠩ 《 ᠣᠶᠤᠨᠴᠢᠯᠠᠭᠰᠠᠨ 》 ᠪᠣᠯᠭᠠᠨ᠎ᠠ ᠃ ᠬᠠᠯᠠᠭᠤᠨ ᠳᠤᠯᠠᠭᠠᠨ ᠦᠶᠯᠡᠴᠢᠯᠡᠭᠡ ᠳᠡᠭᠡᠷ᠎ᠡ ᠬᠦᠴᠦ  ᠲᠠᠯᠪᠢᠨ᠎ᠠ ᠃ 《  ᠲᠤᠯᠠᠭᠠᠨ ᠬᠤᠳᠠ e ᠥᠷᠲᠡᠭᠡ 》 ᠵᠡᠷᠭᠡ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠴᠡᠭ ᠢ ᠵᠦᠶ ᠵᠣᠬᠢᠰᠲᠠᠶ ᠲᠥᠯᠥᠪᠵᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠲᠦᠷᠭᠡᠨ ᠬᠦᠷᠭᠡᠭᠴᠢ ᠵᠡᠷᠭᠡ ᠬᠥᠮᠦᠰ ᠢ ᠨᠠᠩ ᠣᠯᠠᠨ ᠠᠮᠠᠷᠠᠬᠤ ᠭᠠᠵᠠᠷ ᠲᠠᠢ ᠪᠣᠯᠭᠠᠨ᠎ᠠ᠃ ᠰᠤᠯᠠ ᠪᠥᠭᠡᠳ ᠬᠡᠮᠵᠢᠶ᠎ᠡ ᠲᠠᠢ᠂ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠤᠣᠰᠯᠠᠭᠤᠯᠬᠤ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠪᠠᠷᠢᠮᠲᠠᠯᠠᠵᠤ᠂ ᠬᠤᠲᠠ ᠶᠢᠨ ᠬᠠᠮᠢᠶᠠᠷᠤᠯᠲᠠ ᠶᠢ ᠨᠠᠩ 《 ᠬᠥᠮᠥᠡᠯᠢᠭ 》 ᠪᠣᠯᠭᠠᠨ᠎ᠠ ᠃ ᠪᠦᠬᠦ ᠠᠷᠠᠳ ᠤᠨ ᠬᠠᠮᠢᠶᠠᠷᠤᠯᠲᠠ ᠳᠡᠭᠡᠷ᠎ᠡ ᠬᠦᠴᠦ  ᠲᠠᠯᠪᠢᠨ᠎ᠠ᠃ ᠣᠯᠠᠨ ᠲᠦᠮᠡᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠬᠤᠲᠠ ᠶᠢᠨ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠬᠢᠭᠡᠳ ᠰᠠᠨᠠᠭᠤᠯᠭ᠎ᠠ ᠰᠠᠨᠠᠯ ᠢᠶᠠᠨ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠤᠲᠠ ᠶᠢᠨ ᠬᠠᠮᠢᠶᠠᠷᠤᠯᠲᠠ ᠶᠢ 《 ᠪᠥᠬᠦ ᠠᠷᠠᠳᠴᠢᠯᠠᠬᠤ 》 ᠶᠢ ᠪᠡᠶᠡᠯᠡᠭᠦᠯᠦᠨ᠎ᠡ ᠃        ( ᠵᠢᠷᠭᠤᠭ᠎ᠠ ) ᠬᠠᠮᠲᠤ ᠪᠠᠷ ᠪᠠᠶᠠᠵᠢᠬᠤ ᠶᠢ ᠲᠤᠪᠤᠶᠢᠯᠭᠠᠵᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠥᠴᠥᠯᠡᠨ᠎ᠡ ᠃ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠨᠡᠩ ᠵᠤᠵᠠᠭᠠᠨ᠂ ᠨᠡᠩ ᠬᠠᠯᠠᠭᠤᠨ ᠳᠤᠯᠠᠭᠠᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ  ᠲᠤᠰᠢᠶᠠᠨ᠎ᠠ ᠃       ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠤᠨ᠎ᠠ ᠃ ᠬᠠᠩᠭᠠᠯᠭ᠎ᠠ ᠬᠡᠷᠡᠭᠴᠡᠭᠡᠨ ᠤ ᠲᠠᠪᠴᠠᠩ  ᠢ ᠪᠠᠶᠢᠭᠤᠯᠤᠨ᠎ᠠ᠃《 ᠳ᠋ᠥᠸᠧ ᠳ᠋ᠥᠸᠧ ᠥᠨᠡᠯᠡᠯᠳᠡ 》 ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢ  ᠨᠡᠭᠡᠭᠡᠨ ᠬᠥᠭᠵᠢᠭᠦᠯᠵᠦ᠂ ᠠᠵᠢᠯ ᠣᠯᠭᠤᠬᠤ ᠨᠠᠩ ᠣᠯᠠᠨ ᠲᠣᠬᠢᠶᠠᠯ ᠪᠠ ᠠᠵᠢᠯ ᠤᠨ ᠪᠠᠶᠢᠷᠢ ᠶᠢ ᠣᠯᠠᠨ ᠲᠦᠮᠡᠨ ᠤ ᠡᠮᠦᠨ᠎ᠡ ᠬᠦᠷᠭᠡᠨ᠎ᠡ᠃ ᠨᠡᠶᠢᠭᠡᠮ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠪᠠᠨ ᠤᠶᠠᠯᠳᠤᠭᠤᠯᠤᠨ ᠠᠵᠢᠯ ᠣᠯᠭᠤᠬᠤ ᠠᠵᠢᠯ ᠤᠨ ᠪᠠᠶᠢᠷᠢ  ᠶᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤ ᠶᠢ ᠵᠠᠰᠠᠬᠤ᠂ ᠨᠠᠶᠢᠳᠠᠵᠤ ᠰᠠᠭᠠᠲᠠᠭᠤᠯᠤᠨ ᠠᠰᠠᠷᠠᠭᠤᠯᠬᠤ᠂ ᠡᠷᠡᠭᠦᠯ ᠮᠡᠨᠳᠦ ᠶᠢᠨ ᠦᠶᠯᠡᠴᠢᠯᠡᠭᠡ ᠵᠡᠷᠭᠡ ᠲᠠᠯ᠎ᠠ ᠪᠠᠷ ᠦᠶᠯᠡᠴᠢᠯᠡᠭᠡᠨ ᠤ ᠠᠭᠤᠯᠭ᠎ᠠ ᠳᠠᠭᠠᠨ ᠰᠢᠨ᠎ᠡ ᠶᠢ ᠡᠭᠦᠳᠬᠦ ᠶᠢ ᠳᠡᠮᠵᠢᠵᠦ᠂ ᠰᠢᠨ᠎ᠡ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠥᠬᠡᠶ ᠪᠣᠯᠭᠠᠬᠤ ᠶᠢ ᠪᠠᠲᠤᠯᠠᠨ᠎ᠠ ᠃ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠦᠨ᠎ᠡ ᠃ ᠭᠤᠣᠯ ᠬᠤᠲᠠ ᠲᠣᠭᠤᠷᠢᠭ ᠤᠨ ᠣᠨᠴᠠᠯᠢᠭ ᠲᠤ ᠲᠣᠬᠢᠷᠠᠭᠰᠠᠨ ᠬᠠᠮᠲᠤᠪᠠᠷ ᠪᠠᠶᠠᠵᠢᠬᠤ ᠰᠢᠨ᠎ᠡ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠠᠷ 《 ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ 》 ᠶᠢ ᠬᠥᠳᠡᠯᠦᠨ ᠳᠠᠭᠠᠭᠤᠯᠬᠤ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠠᠮᠲᠤᠪᠠᠷ ᠪᠠᠶᠠᠵᠢᠭᠰᠠᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢ ᠪᠠᠶᠢᠭᠤᠯᠤᠨ ᠬᠦᠴᠦᠷᠬᠡᠭᠵᠢᠭᠦᠯᠵᠦ᠂ ᠨᠡᠶᠢᠭᠡᠮ ᠲᠣᠭᠤᠷᠢᠭ ᠤᠨ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠣᠶᠢᠵᠢᠭᠤᠯᠤᠨ ᠬᠥᠭᠵᠢᠭᠦᠯᠵᠦ᠂ ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠢᠰᠲ᠋ᠧᠮ ᠲᠠᠢ ᠡᠮᠬᠢᠯᠡᠵᠦ᠂ ᠣᠯᠠᠨ ᠲᠦᠮᠡᠨ ᠤ ᠲᠥᠷᠥᠯ ᠵᠦᠢᠯ ᠢᠶᠠᠷ ᠪᠡᠯᠡ ᠣᠷᠣᠭᠤᠯᠬᠤ᠂ ᠬᠥᠳᠡᠯᠮᠦᠷᠢ ᠦᠢᠯᠡᠴᠢᠯᠡᠭᠡ ᠳᠤ ᠣᠷᠣᠯᠴᠠᠬᠤ᠂ ᠮᠧᠬᠠᠨᠢᠭ ᠣᠷᠣᠭᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠯᠭ᠎ᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ ᠃       ᠳᠥᠭᠦᠮ ᠳᠥᠲᠡ ᠡᠮᠴᠢᠯᠡᠭᠡᠨ ᠤ ᠦᠶᠯᠡᠴᠢᠯᠡᠭᠡ ᠬᠠᠩᠭᠠᠨ᠎ᠠ ᠃ ᠡᠷᠡᠭᠦᠯ ᠡᠩᠬᠡ ᠬᠢᠶ᠎ᠠ ᠪᠠᠭᠰᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ  ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠮᠴᠢᠯᠡᠭᠡ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠬᠤᠪᠢᠶᠠᠷᠢᠯᠠᠨ ᠬᠠᠮᠵᠢᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ 《 ᠭᠤᠷᠪᠠ ᠶᠢ ᠨᠢᠭᠡ ᠴᠣᠭᠴᠠᠵᠢᠭᠤᠯᠤᠭᠰᠠᠨ 》 ᠡᠮᠴᠢᠯᠡᠭᠡ ᠰᠡᠷᠭᠡᠶᠢᠯᠡᠯᠲᠡ ᠶᠢ ᠠᠭᠤᠰᠤᠯᠴᠠᠭᠤᠯᠬᠤ ᠰᠢᠰᠲ᠋ᠧᠮᠵᠢ ᠶᠢ ᠪᠠᠶᠢᠭᠤᠯᠤᠨ᠎ᠠ᠃《 ᠡᠷᠡᠭᠦᠯ ᠡᠩᠬᠡ ᠬᠤᠲᠠ ᠶᠢᠨ ᠨᠡᠷᠡᠲᠦ ᠡᠮᠴᠢ 》 ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ ᠃ ᠰᠢᠯᠢᠳᠡᠭ ᠪᠠᠭᠰᠢ ᠶᠢ ᠤᠷᠢᠵᠤ ᠠᠪᠴᠢᠷᠠᠬᠤ ᠲᠠᠢ ᠠᠳᠠᠯᠢ ᠪᠠᠷ ᠨᠠᠷᠠᠲᠤ ᠡᠮᠴᠢ ᠶᠢᠨ ᠲᠤᠰᠬᠠᠶ ᠮᠡᠷᠭᠡᠵᠢᠯᠲᠡᠨ ᠢ ᠤᠷᠢᠵᠤ᠂ ᠡᠮᠴᠢᠯᠡᠭᠡᠨ ᠤ ᠴᠢᠳᠠᠪᠤᠷᠢᠲᠠᠨ ᠤ ᠡᠷᠡᠭᠦᠯ ᠮᠡᠨᠳᠦ ᠳᠤ ᠢᠷᠡᠬᠦ ᠡᠯ᠎ᠡ ᠵᠦᠶᠯ ᠤᠨ ᠬᠠᠷᠠᠭᠠᠯᠵᠠᠯ ᠢ ᠪᠠᠲᠤᠯᠠᠵᠤ᠂ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠨᠠᠷ ᠰᠠᠶᠢᠲᠠᠶ ᠡᠮᠴᠢᠯᠡᠭᠡᠨ ᠤ ᠴᠢᠳᠠᠪᠤᠷᠢᠲᠠᠨ ᠤ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ ᠃ ᠣᠶᠢᠷ᠎ᠠ ᠬᠠᠪᠢ ᠳᠤᠨᠢ ᠦᠶᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠱᠧᠨ ᠬᠤᠸᠠ ᠺᠠᠩ ᠴᠧᠩ᠂ ᠰᠢᠩ ᠸᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠴᠢᠨᠠᠷᠵᠢᠭᠤᠯᠤᠨ ᠳᠡᠰ ᠳᠡᠪᠰᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂   ᠭᠡᠳᠡᠷᠭᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠡᠷᠡᠭᠯᠡᠯᠲᠡ ᠶᠢ ᠲᠦᠷᠭᠡᠳᠬᠡᠵᠦ᠂ ᠴᠢ ᠬᠤ᠋ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠤᠬᠠᠭᠤᠯᠭ᠎ᠠ ᠪᠠ ᠬᠥᠮᠦᠵᠢᠯ ᠢ ᠴᠢᠩᠭᠠᠳᠬᠠᠨ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ ᠃       ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ ᠃ ᠨᠡᠶᠢᠭᠡᠮ ᠤᠨ ᠳᠠᠭᠠᠳᠬᠠᠯ ᠤᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠨᠠᠩ ᠣᠯᠠᠨ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠠᠵᠢᠯ ᠣᠯᠤᠭᠰᠠᠳ ᠢ ᠦᠨᠳᠦᠰᠦᠨ ᠨᠠᠰᠤᠵᠢᠯ ᠤᠨ ᠳᠠᠭᠠᠳᠬᠠᠯ ᠤᠨ ᠰᠢᠰᠲ᠋ᠧᠮᠵᠢ ᠳᠤ ᠣᠷᠣᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃  ᠦᠨᠳᠦᠰᠦᠨ ᠡᠮᠴᠢᠯᠡᠭᠡ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ ᠃ ᠭᠤᠤᠯᠳᠠᠯᠭ᠎ᠠ ᠲᠠᠢ ᠬᠠᠮᠲᠤᠯᠢᠭ ᠲᠤ ᠦᠶᠯᠡᠴᠢᠯᠡᠬᠦ ᠶᠢ ᠪᠠᠲᠤᠯᠠᠨ᠎ᠠ ᠃ 《 ᠪᠤᠭᠤᠷᠤᠯᠴᠤᠳ ᠤᠨ ᠬᠤᠷᠠᠮᠳᠤᠯ ᠬᠤᠪᠢ 》 ᠪᠠᠷ ᠨᠠᠰᠤᠲᠠᠶᠢᠴᠤᠳ ᠲᠤ ᠦᠢᠯᠡᠴᠢᠯᠡᠬᠦ ᠶᠢ ᠦᠷᠭᠦᠯᠵᠢᠯᠡᠨ ᠰᠢᠯᠢᠳᠡᠭᠵᠢᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠮᠲᠤᠷᠠᠨ ᠪᠦᠲᠦᠭᠡᠨ ᠪᠠᠶᠢᠭᠤᠯᠬᠤ ᠶᠢ ᠠᠬᠢᠭᠤᠯᠤᠨ᠂ 1 ᠰᠠᠭᠤᠷᠢ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ ᠦᠷᠡᠵᠢᠯ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ 《 ᠨᠢᠭᠡ ᠨᠠᠰᠤᠲᠠᠨ ᠨᠢᠭᠡ ᠬᠡᠦᠬᠡᠳ 》 ᠨᠥᠬᠦᠷᠰᠡᠭ ᠬᠡᠯᠪᠡᠷᠢ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠡᠷ ᠪᠠᠶᠢᠰᠢᠩ ᠤᠨ ᠦᠨ᠎ᠡ ᠥᠨᠳᠥᠷ ᠠᠴᠠ ᠪᠣᠯᠵᠤ ᠵᠠᠯᠠᠭᠤᠴᠤᠳ  ᠤᠨ 《 ᠰᠢᠬᠠᠨ ᠭᠠᠷᠭᠠᠬᠤ 》 ᠨᠥᠯᠥᠭᠡᠯᠡᠯ ᠤᠨ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠲᠡᠰ ᠤᠨ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠬᠢᠶ᠎ᠡ ᠪᠠᠭᠰᠢ ᠶᠢᠨ 《 ᠬᠤᠳᠠᠯᠳᠤᠭ᠎ᠠ ᠬᠢᠵᠦ ᠣᠷᠣᠨ ᠰᠠᠭᠤᠴᠠ ᠶᠢ ᠥᠭᠡᠷᠡᠴᠢᠯᠡᠬᠦ 》 ᠲᠥᠰᠦᠯ ᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠰᠤᠯᠠ ᠪᠠᠶᠢᠭ᠎ᠠ ᠠᠰᠠᠷ ᠪᠠᠶᠢᠰᠢᠩ ᠢ ᠠᠮᠢᠳᠤᠯᠢᠭ ᠪᠣᠯᠭᠠᠨ ᠠᠰᠢᠭᠯᠠᠬᠤ ᠪᠠᠷ ᠳᠠᠮᠵᠢᠭᠤᠯᠤᠨ᠂ ᠴᠢᠳᠠᠪᠤᠷᠢᠲᠠᠨ ᠤ ᠨᠡᠶᠢᠲᠡ ᠶᠢᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠶ ᠨᠡᠶᠢᠲᠡ ᠶᠢᠨ ᠣᠷᠣᠨ ᠰᠠᠭᠤᠴᠠ ᠶᠢ ᠨᠠᠩ ᠣᠯᠠᠨ ᠭᠠᠷᠭᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠤᠨ᠂ ᠨᠠᠩ ᠣᠯᠠᠨ ᠵᠠᠯᠠᠭᠤᠴᠤᠳ ᠢ ᠬᠢᠶ᠎ᠠ ᠪᠠᠭᠰᠢ ᠲᠣᠭᠤᠷᠢᠭ ᠲᠤ ᠦᠯᠡᠳᠡᠭᠡᠵᠦ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠡᠨ ᠤ ᠲᠤᠷᠰᠢᠯᠲᠠ  ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ᠃        ᠲᠥᠯᠥᠭᠡᠯᠡᠭᠴᠢᠳ ᠡ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠬᠠᠯᠠᠮᠵᠢ ᠶᠢ ᠢᠯᠡᠳᠬᠡᠨ᠎ᠡ  ᠃  ᠲᠤᠭᠤᠷᠢᠭ ᠤᠨ ᠵᠠᠰᠠᠭ ᠤᠨ ᠣᠷᠳᠣᠨ ᠨᠠᠩ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠢᠭᠡᠳ ᠨᠢᠭᠡ  ᠪᠠᠷ᠂ ᠵᠢᠯ ᠵᠢᠯ ᠦᠷᠭᠦᠯᠵᠢᠯᠡᠨ ᠰᠠᠶᠢᠲᠤᠷ ᠬᠢᠵᠦ᠂ ᠬᠤᠲᠠ ᠶᠢ ᠨᠠᠩ ᠬᠠᠯᠠᠭᠤᠨ ᠳᠤᠯᠠᠭᠠᠨ᠂ ᠠᠮᠢᠳᠤᠷᠠᠯ ᠢ ᠨᠠᠩ ᠬᠠᠯᠠᠭᠤᠨ ᠳᠤᠯᠠᠭᠠᠨ᠂ ᠣᠯᠠᠨ ᠲᠦᠮᠡᠨ ᠢ ᠨᠠᠩ ᠬᠠᠯᠠᠭᠤᠨ ᠳᠤᠯᠠᠭᠠᠨ ᠪᠣᠯᠭᠠᠬᠤ ᠪᠠᠷ ᠴᠢᠷᠮᠠᠶᠢᠨ᠎ᠠ︕       ( ᠳᠣᠯᠤᠭ᠎ᠠ ) ᠠᠮᠤᠷ ᠲᠣᠭᠲᠠᠭᠤᠨ ᠢ ᠳᠣᠪᠣᠶᠢᠯᠭᠠᠵᠤ᠂ ᠡᠶ᠎ᠡ ᠵᠣᠬᠢᠴᠠᠯ ᠲᠠᠢ ᠪᠠᠶᠢᠳᠠᠯ ᠢ ᠰᠠᠬᠢᠨ ᠬᠠᠮᠠᠭᠠᠯᠠᠬᠤ ᠲᠠᠯ᠎ᠠ ᠪᠠᠷ ᠦᠷᠭᠦᠯᠵᠢᠯᠡᠨ ᠬᠥᠴᠥᠯᠡᠨ᠎ᠡ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠢ ᠃       ᠡᠶ᠎ᠡ ᠵᠣᠬᠢᠴᠠᠩᠭᠤᠶ ᠲᠣᠭᠲᠠᠭᠤᠨ ᠣᠷᠴᠢᠨ ᠲᠣᠭᠤᠷᠢᠨ ᠢ  ᠬᠠᠮᠠᠭᠠᠯᠠᠨ᠎ᠠ᠃ ᠦᠨᠳᠦᠰᠦᠲᠡᠨ ᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠨ᠎ᠡ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ  ᠪᠠᠬᠢᠵᠢᠭᠦᠯᠥᠨ᠎ᠡ᠃ ᠺᠠᠩ ᠰᠢᠨ ᠵᠡᠭᠡᠯᠢ ᠭᠤᠳᠤᠮᠵᠢ ᠶᠢᠨ ᠶᠤᠸᠠᠢ ᠾᠧ ᠨᠡᠶᠢᠭᠡᠮ ᠲᠣᠭᠤᠷᠢᠭ᠂ ᠬᠢᠶ᠎ᠠ ᠪᠠᠭᠰᠢ ᠵᠡᠭᠡᠯᠢ ᠭᠤᠳᠤᠮᠵᠢ  ᠶᠢᠨ ᠳᠠᠷᠬᠠᠨ ᠨᠡᠶᠢᠭᠡᠮ ᠲᠣᠭᠤᠷᠢᠭ᠂ ᠴᠢᠩ ᠴᠦᠨ ᠱᠠᠨ ᠵᠡᠭᠡᠯᠢ ᠭᠤᠳᠤᠮᠵᠢ ᠶᠢᠨ ᠶᠤᠸᠠᠨ ᠳ᠋ᠢᠩ ᠨᠡᠶᠢᠭᠡᠮ ᠲᠣᠭᠤᠷᠢᠭ᠂ ᠪᠢᠨ ᠾᠧ ᠵᠡᠭᠡᠯᠢ ᠭᠤᠳᠤᠮᠵᠢ ᠶᠢᠨ ᠰᠢᠩ ᠸᠠᠩ ᠨᠡᠶᠢᠭᠡᠮ ᠲᠣᠭᠤᠷᠢᠭ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠨᠡᠶᠢᠭᠡᠮ ᠲᠣᠭᠤᠷᠢᠭ ᠢ ᠤᠷᠢᠳᠠᠪᠠᠷ ᠪᠠᠶᠢᠭᠤᠯᠤᠨ᠎ᠠ ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠨᠠᠷ ᠰᠠᠶᠢᠲᠠᠶ  ᠬᠢᠨ᠎ᠡ ᠃ ᠰᠢᠨ᠎ᠡ ᠴᠠᠭ ᠦᠶ᠎ᠡ ᠶᠢᠨ 《 ᠹᠧᠩ ᠴᠢᠶᠣᠤ ᠶᠢᠨ ᠲᠤᠷᠰᠢᠯᠭ᠎ᠠ 》 ᠶᠢ ᠪᠠᠷᠢᠮᠲᠠᠯᠠᠨ ᠬᠥᠭᠵᠢᠭᠦᠯᠵᠦ᠂ ᠱᠠᠳᠤ ᠠᠯᠤᠰᠯᠠᠨ ᠰᠤᠷᠪᠤᠯᠵᠢᠯᠠᠬᠤ᠂ ᠲᠠᠬᠢᠨ ᠳᠠᠪᠲᠠᠨ ᠰᠤᠷᠪᠤᠯᠵᠢᠯᠠᠬᠤ ᠶᠢ ᠪᠠᠶᠢᠩᠭᠤ ᠪᠦᠲᠦᠮᠵᠢᠲᠡᠢ  ᠵᠠᠰᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠬᠦ ᠵᠡᠷᠭᠡ ᠴᠢᠳᠠᠮᠵᠢ ᠶᠢ 《 ᠣᠯᠠᠨ ᠠᠷᠪᠢᠨ ᠦᠨᠡᠯᠡᠯᠲᠡ 》 ᠶᠢᠨ ᠲᠠᠪᠴᠠᠩ ᠳᠤ ᠪᠥᠬᠦ ᠲᠠᠯ᠎ᠠ ᠪᠠᠷ ᠵᠠᠯᠭᠠᠨ ᠣᠷᠣᠭᠤᠯᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ 《 ᠨᠢᠭᠡ ᠯᠡ ᠳᠠᠷᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠪᠥᠬᠦ ᠶᠠᠪᠤᠴᠠ ᠳᠤ ᠣᠷᠣᠯᠠᠨ ᠭᠦᠶᠴᠡᠳᠬᠡᠬᠦ 》 ᠶᠢ  ᠪᠠᠶᠠᠯᠡᠭᠦᠯᠥᠨ᠎ᠡ᠃ ᠠᠷᠠᠳ ᠤᠨ ᠡᠶᠡᠳᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 《 ᠭᠤᠷᠪᠠᠨ ᠬᠤᠪᠢ ᠲᠠᠲᠠᠬᠤ ᠠᠷᠭ᠎ᠠ 》 ᠪᠠᠷ ᠯᠠᠪᠯᠠᠯᠲᠠ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠩᠭᠡᠭᠡᠵᠦ᠂ ᠴᠤᠬᠤᠶᠢᠵᠤ ᠪᠠᠶᠢᠬᠤ ᠳᠤᠨᠢ ᠰᠢᠢᠳᠪᠦᠷᠢᠯᠡᠨ᠎ᠡ ᠃        ᠠᠮᠤᠷ ᠲᠦᠪᠰᠢᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ ᠃ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ ᠃ ᠠᠶᠤᠯ ᠥᠬᠡᠶ ᠦᠶᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ 《 ᠶᠢᠰᠦᠨ ᠵᠢᠵᠢᠭ 》᠂ ᠣᠯᠠᠨ ᠡᠵᠡᠩᠨᠡᠯᠲᠡ ᠶᠢᠨ ᠪᠠᠶᠢᠳᠠᠯ ᠲᠠᠢ ᠬᠤᠯᠢᠮᠠᠭ ᠦᠶᠯᠡᠳᠪᠦᠷᠢᠯᠡᠯ ᠡᠵᠡᠩᠨᠡᠯᠲᠡ᠂ ᠬᠥᠮᠦᠨ ᠬᠠᠷ᠎ᠠ ᠨᠢᠭᠲᠠᠷᠠᠭᠰᠠᠨ ᠵᠡᠷᠭᠡ ᠭᠤᠤᠯᠳᠠᠯᠭ᠎ᠠ  ᠲᠠᠢ ᠲᠠᠯᠠᠪᠤᠷ ᠭᠠᠵᠠᠷ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠥᠷᠨᠢᠭᠦᠯᠵᠦ᠂ ᠰᠢᠲᠠᠮᠠᠬᠠᠶ ᠬᠡᠶ ᠶᠢᠨ 《 ᠲᠦᠩᠰᠡ ᠶᠢ ᠥᠭᠡᠷᠡᠴᠢᠯᠡᠨ ᠬᠠᠮᠢᠶᠠᠷᠬᠤ 》 ᠠᠵᠢᠯ ᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠣᠶᠤᠨᠴᠢ ᠬᠠᠮᠢᠶᠠᠷᠤᠯᠲᠠ ᠶᠢᠨ ᠲᠠᠪᠴᠠᠩ ᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠪᠣᠯᠤᠨ ᠬᠤᠶᠢᠲᠤ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢ ᠲᠦᠷᠭᠡᠳᠬᠡᠨ  ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠶ᠎ᠠ ᠪᠠᠭᠰᠢ  ᠶᠢᠨ ᠲᠣᠭᠤᠷᠢᠭ ᠤᠨ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠲᠥᠪ ᠪᠠ ᠤᠯᠤᠰ ᠤᠨ ᠴᠠᠭ ᠠᠭᠤᠷ ᠤᠨ ᠥᠷᠲᠡᠭᠡᠨ ᠤ ᠪᠠᠶᠢᠭᠤᠯᠤᠯᠲᠠ ᠶᠢ ᠠᠬᠢᠭᠤᠯᠤᠨ᠎ᠠ  ᠃ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠢᠶ᠎ᠠ ᠪᠠᠭᠰᠢ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ ᠃ ᠦᠵᠡᠯ ᠤᠬᠠᠮᠰᠠᠷ ᠤᠨ ᠬᠡᠯᠪᠡᠷᠢ᠂ ᠣᠷᠣᠨ ᠨᠤᠲᠤᠭ ᠤᠨ ᠥᠷᠢ ᠥᠭᠴᠡᠭᠡ᠂ ᠮᠥᠩᠭᠦᠨ ᠭᠦᠢᠯᠭᠡᠭᠡᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠵᠢᠯ ᠲᠥᠷᠥᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠦᠷᠭᠦᠯᠵᠢᠯᠡᠨ ᠰᠠᠶᠢᠲᠤᠷ ᠬᠢᠨ᠎ᠡ︔ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ 《 ᠭᠡᠭᠡᠨ ᠰᠠᠷᠠᠭᠤᠯ ᠢᠨᠵᠧᠨᠧᠷᠢᠩ 》 ᠵᠡᠷᠭᠡ ᠣᠶᠤᠨᠴᠢ ᠠᠮᠤᠷ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ᠂ ᠵᠢᠭᠤᠯᠴᠢᠯᠠᠯ ᠤᠨ ᠦᠵᠡᠮᠵᠢ  ᠶᠢᠨ ᠣᠷᠣᠨ᠂ ᠰᠤᠷᠭᠠᠭᠤᠯᠢ ᠶᠢᠨ ᠬᠦᠷᠢᠶ᠎ᠡ ᠶᠢᠨ ᠡᠷᠭᠢᠨ ᠲᠣᠭᠤᠷᠢᠨ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠴᠠᠭᠳᠠᠭᠠᠨ ᠤ ᠬᠦᠴᠦᠨ ᠤ ᠬᠠᠮᠤᠷᠬᠤ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠵᠦ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ ᠃      ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠤᠶᠤᠯᠢᠭ ᠴᠢᠳᠠᠪᠤᠷᠢ ᠪᠦᠬᠦᠢ ᠦᠨᠳᠦᠰᠦᠨ ᠱᠠᠲᠤᠨ ᠤ ᠵᠠᠰᠠᠯᠲᠠ ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠵᠠᠩᠭᠢᠯᠠᠭ᠎ᠠ ᠪᠣᠯᠭᠠᠨ ᠠᠳᠬᠤᠵᠤ᠂ 《 ᠦᠨᠳᠦᠰᠦᠨ ᠳ᠋ᠠᠶᠢᠲ᠋ᠠ ᠬᠥᠮᠥᠷᠭᠡ 》 ᠶᠢ ᠲᠡᠭᠦᠯᠳᠡᠷᠵᠢᠭᠦᠯᠦᠨ ᠳᠡᠯᠭᠡᠷᠡᠭᠦᠯᠵᠦ᠂ 《 ᠮᠡᠳᠡᠭᠡ ᠵᠠᠩᠭᠢ ᠶᠢᠨ ᠪᠠᠬᠢᠯᠡᠯᠲᠡ 》 ᠶᠢ ᠡᠪᠳᠡᠵᠦ᠂ ᠨᠢᠭᠡ ᠬᠦᠰᠦᠨᠦᠭᠲᠦ ᠪᠠᠷ ᠨᠡᠶᠢᠳᠡᠮ ᠬᠡᠷᠡᠭᠯᠡᠬᠦ᠂ ᠣᠯᠠᠨ ᠲᠠᠯ᠎ᠠ ᠪᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠨᠠᠩ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠨ᠎ᠠ᠃ ᠤᠯᠤᠰ ᠤᠨ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠣᠨᠴᠠᠯᠢᠭ ᠪᠥᠬᠦᠶ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠨᠠᠩ ᠪᠣᠯᠪᠠᠰᠤᠷᠠᠩᠭᠤᠶ᠂ ᠨᠠᠩ ᠳᠡᠯᠭᠡᠷᠡᠭᠦᠯᠬᠦ ᠥᠷᠲᠡᠭ ᠲᠠᠢ 《  ᠳ᠋ᠥᠸᠧ ᠳ᠋ᠥᠸᠧ ᠦᠨᠡᠯᠡᠯᠲᠡ 》 ᠪᠥᠬᠦᠶ ᠣᠶᠤᠨᠴᠢ ᠵᠠᠰᠠᠯᠲᠠ  ᠶᠢᠨ ᠵᠠᠭᠪᠤᠷ ᠢ ᠪᠣᠶ ᠪᠣᠯᠭᠠᠨ᠎ᠠ ᠃ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢ ᠴᠢᠩᠭᠠᠳᠬᠠᠨ᠎ᠠ ᠃ ᠠᠷᠠᠳ ᠢᠷᠭᠡᠳ ᠤᠨ ᠬᠡᠷᠡᠭ ᠶᠠᠪᠤᠳᠠᠯ ᠢ ᠢᠷᠭᠡᠨ ᠤ ᠬᠡᠷᠡᠭ ᠪᠣᠯᠭᠠᠨ ᠵᠥᠪᠯᠡᠬᠦ᠂ ᠢᠷᠭᠡᠨ ᠤ ᠬᠡᠷᠡᠭ ᠢ ᠠᠷᠠᠳ ᠠᠴᠠ ᠡᠷᠬᠢᠯᠡᠬᠦ᠂ ᠢᠷᠭᠡᠨ ᠤ ᠬᠡᠷᠡᠭ ᠢ ᠢᠷᠭᠡᠨ ᠤ ᠬᠡᠷᠡᠭ ᠪᠣᠯᠭᠠᠨ ᠬᠠᠮᠢᠶᠠᠷᠬᠤ ᠶᠢ ᠵᠣᠷᠢᠭᠵᠢᠭᠤᠯᠤᠨ᠎ᠠ᠃ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠠᠩ ᠣᠯᠠᠨ ᠰᠢᠯᠢᠳᠡᠭ ᠨᠡᠶᠢᠭᠡᠮ ᠤᠨ ᠠᠵᠢᠯᠴᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠨᠡᠶᠢᠭᠡᠮ ᠲᠣᠭᠤᠷᠢᠭ ᠤᠨ ᠦᠶᠯᠡᠴᠢᠯᠡᠭᠡ ᠳᠤ ᠣᠷᠣᠯᠴᠠᠭᠤᠯᠤᠨ᠎ᠠ᠃ ᠨᠡᠶᠢᠭᠡᠮ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠨᠡᠩ ᠤᠯᠠᠨ ᠦᠢᠯᠡᠴᠢᠯᠡᠭᠡᠨ ᠤ ᠵᠦᠢᠯᠡᠰ ᠢ ᠲᠤᠰᠬᠠᠢ ᠨᠡᠶᠢᠭᠡᠮ ᠤᠨ ᠠᠵᠢᠯ ᠤᠨ ᠵᠣᠬᠢᠶᠠᠨ ᠪᠠᠶᠢᠭᠤᠯᠤᠯᠲᠠ ᠳᠤ ᠲᠤᠰᠢᠶᠠᠨ᠎ᠠ ᠃       ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ ᠃       ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠵᠠᠰᠠᠭ  ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭᠠᠳᠬᠠᠵᠤ᠂ ᠦᠨᠡᠨᠴᠢ ᠰᠢᠳᠤᠷᠭᠤ᠂ ᠠᠷᠠᠳ ᠤᠨ ᠲᠥᠯᠥᠭᠡ᠂ ᠪᠣᠳᠠᠲᠠᠢ ᠶᠢ ᠡᠷᠬᠢᠮᠯᠡᠭᠰᠡᠨ᠂ ᠬᠠᠤᠯᠢ ᠪᠠᠷ ᠵᠠᠰᠠᠭᠰᠠᠨ᠂ ᠠᠷᠢᠭᠤᠨ ᠴᠢᠬᠡᠴᠢ ᠦᠢᠯᠡᠴᠢᠯᠡᠭᠡᠨ ᠤ ᠬᠡᠯᠪᠡᠷᠢ ᠶᠢᠨ ᠵᠠᠰᠠᠭ  ᠤᠨ ᠣᠷᠳᠣᠨ ᠢ ᠪᠠᠶᠢᠭᠤᠯᠤᠨ᠎ᠠ ᠃       ᠤᠯᠤᠰ ᠲᠥᠷᠥ ᠶᠢ ᠲᠡᠷᠢᠭᠦᠨ ᠳᠤ ᠲᠠᠯᠪᠢᠬᠤ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ 《 ᠲᠦᠷᠪᠡᠨ ᠤᠬᠠᠮᠰᠠᠷ 》 ᠢᠶᠠᠨ ᠴᠢᠩᠭᠠᠳᠬᠠᠵᠤ᠂ 《 ᠲᠦᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠤᠬᠠᠮᠰᠠᠷ ᠠᠴᠠ ᠪᠠᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ  ᠤ ᠠᠵᠢᠯ ᠤᠨ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂  ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠃       ᠬᠠᠤᠯᠢ ᠪᠠᠷ ᠵᠠᠰᠠᠬᠤ ᠪᠠᠷ ᠬᠥᠲᠥᠯᠪᠦᠷᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠡᠭᠦᠳᠦᠨ ᠪᠠᠶᠢᠭᠤᠯᠤᠨ᠎ᠠ ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ  ᠶᠢᠨ ᠬᠤᠷᠢᠶ᠎ᠠ ᠶᠢᠨ ᠰᠢᠶᠳᠪᠦᠷᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ ᠭᠦᠶᠴᠡᠳᠬᠡᠨ᠂ ᠣᠯᠠᠨ ᠲᠦᠮᠡᠨ  ᠤ ᠬᠦᠰᠡᠨ ᠬᠦᠯᠢᠶᠡᠵᠦ ᠪᠠᠶᠢᠭ᠎ᠠ ᠶᠠᠪᠤᠳᠠᠯ᠂ ᠵᠠᠰᠠᠭ ᠤᠨ ᠣᠷᠳᠣᠨ ᠤ ᠠᠮᠠᠯᠠᠭᠰᠠᠨ ᠶᠠᠪᠤᠳᠠᠯ ᠢ ᠪᠣᠳᠠᠲᠠᠶ ᠭᠦᠶᠴᠡᠳᠬᠡᠵᠦ᠂ ᠰᠠᠶᠢᠲᠤᠷ ᠡᠷᠭᠢᠯᠡᠨ᠂ ᠦᠷ᠎ᠡ ᠪᠦᠲᠦᠮᠵᠢ ᠭᠠᠷᠭᠠᠨ᠎ᠠ ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ  ᠠᠴᠠ ᠪᠠᠨ ᠬᠦᠯᠢᠶᠡᠨ᠎ᠡ ᠃       ᠠᠷᠠᠳ ᠤᠨ ᠠᠮᠢᠳᠤᠷᠠᠯ ᠢ ᠳᠡᠭᠡᠳᠦᠯᠡᠵᠦ᠂ ᠪᠣᠳᠠᠲᠠᠢ ᠠᠵᠢᠯᠯᠠᠨ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠵᠠᠰᠠᠭ  ᠤᠨ ᠣᠷᠳᠣᠨ ᠤ ᠠᠵᠢᠯ ᠳᠤ ᠢᠮᠠᠭᠲᠠ  ᠲᠤᠭᠤᠰᠢᠯᠠᠭᠤᠯᠵᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ  ᠶᠢᠨ ᠪᠦᠲᠦᠴᠡ ᠶᠢ ᠰᠢᠯᠢᠳᠡᠭᠵᠢᠭᠦᠯᠵᠦ᠂ 《 ᠭᠤᠷᠪᠠᠨ ᠵᠦᠢᠯ ᠤᠨ ᠠᠯᠪᠠᠨ ᠵᠠᠷᠤᠳᠠᠯ 》 ᠤᠨ 《 ᠬᠠᠰᠤᠬᠤ ᠦᠢᠯᠡᠳᠦᠯ 》᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ 《 ᠨᠡᠮᠡᠬᠦ ᠦᠢᠯᠡᠳᠦᠯ 》 ᠢ ᠪᠠᠲᠤᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠦᠨ᠎ᠡ ᠃ 《 ᠭᠤᠷᠪᠠᠨ ᠤᠮᠠᠷᠠᠲᠤ 》 ᠶᠢᠨ ᠵᠣᠷᠢᠭ ᠰᠠᠨᠠᠭ᠎ᠠ ᠪᠠ 《 ᠮᠣᠩᠭᠤᠯ ᠮᠣᠷᠢᠨ ᠤ ᠵᠣᠷᠢᠭ ᠰᠠᠨᠠᠭ᠎ᠠ 》 ᠶᠢ ᠶᠡᠬᠡᠪᠡᠷ ᠪᠠᠳᠠᠷᠠᠭᠤᠯᠵᠤ᠂ 《 ᠴᠢᠨᠠᠷᠵᠢᠭᠤᠨ ᠲᠦᠯᠬᠢᠨ ᠠᠬᠢᠭᠤᠯᠬᠤ᠂ ᠴᠠᠭᠠᠷᠢᠭᠯᠠᠨ ᠬᠠᠮᠢᠶᠠᠷᠬᠤ᠂ ᠵᠢᠷᠤᠭ ᠡᠯᠭᠦᠨ ᠪᠠᠶᠢᠯᠳᠤᠬᠤ 》 ᠵᠡᠷᠭᠡ ᠠᠵᠢᠯ ᠤᠨ ᠲᠣᠭᠲᠠᠴᠠ ᠶᠢ ᠴᠢᠩᠭ᠎ᠠ ᠨᠠᠢᠳᠠᠪᠤᠷᠢᠵᠢᠭᠤᠯᠬᠤ᠂ ᠣᠶᠢᠯᠠᠭᠠᠬᠤ ᠰᠡᠳᠬᠢᠬᠦᠢ ᠶᠢ ᠪᠤᠢ ᠪᠣᠯᠭᠠᠨ᠂ ᠦᠨᠡᠨᠬᠦ ᠠᠳᠬᠤᠵᠤ ᠪᠣᠳᠠᠲᠠᠢ ᠠᠵᠢᠯᠯᠠᠬᠤ᠂ ᠰᠠᠶᠢᠨ ᠬᠢᠵᠦ ᠰᠠᠶᠢᠨ ᠬᠢᠬᠦ ᠶᠢ ᠵᠠᠰᠠᠭ  ᠤᠨ ᠣᠷᠳᠣᠨ ᠤ ᠠᠵᠢᠯ ᠤᠨ ᠭᠤᠣᠯ ᠬᠥᠭ ᠠᠶᠠᠰ ᠪᠣᠯᠭᠠᠨ ᠬᠤᠪᠢᠷᠠᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠥᠭᠵᠢᠯᠲᠡ ᠶᠢᠨ ᠬᠠᠷᠠᠯᠲᠠ ᠪᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠃        ᠠᠷᠢᠭᠤᠨ ᠴᠢᠬᠡᠴᠢ ᠪᠠᠶᠢᠬᠤ ᠪᠠᠷ ᠦᠨᠳᠦᠰᠦ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠦᠨ᠂ 《 ᠲᠦᠷᠪᠡᠨ ᠰᠤᠷᠲᠠᠯ 》 ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ 《 ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ 》 ᠤ ᠠᠰᠠᠭᠤᠳᠠᠯ ᠢ ᠴᠡᠭᠴᠡᠯᠡᠨ ᠵᠠᠰᠠᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ ᠃ ᠨᠠᠮ ᠤᠨ ᠰᠤᠷᠲᠠᠯ ᠴᠢᠬᠡᠴᠢ ᠵᠠᠰᠠᠭ   ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠠᠷᠠᠳ ᠤᠨ ᠠᠮᠢᠳᠤᠷᠠᠯ᠂ ᠤᠯᠤᠰ ᠤᠨ ᠥᠮᠴᠢᠯᠡᠯᠲᠡ ᠡᠳ᠋ ᠬᠥᠷᠥᠩᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠵᠠᠰᠠᠭ  ᠤᠨ ᠣᠷᠳᠣᠨ ᠤ ᠠᠵᠢᠯ ᠤᠨ ᠢᠯᠡ ᠲᠣᠳᠣ ᠰᠠᠭᠤᠷᠢ ᠥᠩᠭᠡ ᠪᠣᠯᠭᠠᠨ᠎ᠠ ᠃       ᠲᠥᠯᠥᠭᠡᠯᠡᠭᠴᠢᠳ ᠡ︕ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠪᠣᠯ ᠲᠡᠦᠬᠡ ᠳᠤ ᠬᠠᠮᠤᠭ ᠤᠨ ᠬᠠᠷᠢᠭᠤᠴᠠᠯᠭ᠎ᠠ ᠲᠠᠢ ᠤᠯᠠᠮᠵᠢᠯᠠᠯ ᠮᠥᠨ᠂ ᠴᠥᠬᠦᠷᠡᠰᠢ ᠦᠭᠡᠢ ᠲᠡᠮᠡᠴᠡᠬᠦ ᠪᠣᠯ ᠬᠦᠰᠡᠯ ᠡᠷᠡᠮᠡᠯᠵᠡᠯ ᠳᠤ ᠬᠠᠮᠤᠭ ᠤᠨ ᠬᠦᠴᠦᠲᠡᠢ ᠬᠠᠷᠢᠭᠤᠯᠲᠠ ᠮᠥᠨ᠂ ᠦᠨᠡᠨ ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠴᠢᠷᠮᠠᠶᠢᠬᠤ ᠪᠣᠯ ᠣᠳᠣᠬᠠᠨ ᠤ ᠬᠢᠶ᠎ᠠ ᠪᠠᠭᠰᠢ  ᠲᠣᠭᠤᠷᠢᠭ ᠲᠤ ᠬᠠᠮᠤᠭ ᠤᠨ ᠭᠦᠨ ᠰᠡᠳᠬᠢᠯᠭᠡ ᠲᠠᠢ ᠬᠠᠶᠢᠷ᠎ᠠ ᠰᠡᠳᠬᠢᠯᠭᠡ ᠪᠠᠨ ᠢᠯᠡᠳᠬᠡᠭᠰᠡᠨ ᠶᠠᠪᠤᠳᠠᠯ ᠮᠥᠨ ᠃ ᠬᠤᠷᠢᠨ ᠵᠢᠯ ᠤᠨ ᠲᠤᠷᠰᠢ᠂ ᠬᠢᠶ᠎ᠠ ᠪᠠᠭᠰᠢ ᠶᠢᠨ ᠲᠣᠭᠤᠷᠢᠭ ᠤᠨ ᠬᠤᠭᠤᠴᠠᠭ᠎ᠠ ᠪᠦᠷᠢ ᠶᠢᠨ ᠤᠳᠤᠷᠢᠳᠬᠤ ᠪᠠᠭ᠂ ᠡᠯ᠎ᠡ ᠱᠠᠲᠤᠨ ᠤ ᠤᠳᠤᠷᠢᠳᠬᠤ ᠪᠠᠭ ᠤᠨ ᠬᠢᠨ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠨ᠂ ᠨᠢᠭᠡ ᠬᠤᠭᠤᠴᠠᠭ᠎ᠠ ᠨᠢ ᠨᠢᠭᠡ ᠬᠤᠭᠤᠴᠠᠭ᠎ᠠ ᠪᠠᠨ ᠵᠠᠯᠭᠠᠨ ᠬᠢᠵᠦ᠂ ᠵᠣᠷᠢᠭᠲᠠᠶ ᠪᠠᠷ ᠰᠢᠪᠲᠤᠯᠤᠨ ᠵᠣᠷᠢᠭᠲᠠᠶ ᠪᠠᠷ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠪᠠᠷ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠰᠥᠰᠥ ᠵᠣᠷᠢᠭ ᠢᠶᠠᠷ᠂ ᠨᠢᠭᠡᠨ ᠣᠳᠣᠬᠢᠴᠢᠯᠠᠭᠰᠠᠨ ᠰᠢᠨ᠎ᠡ ᠬᠤᠲᠠ ᠶᠢᠨ ᠬᠥᠷᠥᠰᠥ ᠶᠢ ᠡᠪᠳᠡᠨ᠂ ᠰᠣᠶᠣᠭᠠᠯᠠᠵᠤ᠂ ᠪᠣᠶᠢᠵᠢᠬᠤ ᠶᠢ ᠠᠬᠢᠭᠤᠯᠪᠠ  ᠃ ᠥᠨᠥᠳᠦᠷ᠂ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠤᠭᠰᠠᠨ 20 ᠵᠢᠯ ᠤᠨ ᠤᠢ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 《 ᠬᠥᠬᠡᠮᠳᠦᠭ ᠠᠭᠤᠯᠠ ᠪᠠᠨ ᠪᠠᠲᠤ ᠰᠠᠬᠢᠪᠠᠯ ᠡᠭᠦᠷᠢᠳᠡ ᠪᠤᠴᠠᠬᠤ ᠦᠭᠡᠢ 》 ᠲᠣᠭᠲᠠᠯ ᠬᠦᠴᠦᠨ ᠢᠶᠠᠷ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠬᠢᠶ᠎ᠠ ᠪᠠᠭᠰᠢ  ᠶᠢᠨ ᠰᠠᠶᠢᠨ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕      ᠨᠡᠷ᠎ᠡ ᠦᠭᠡ ᠶᠢᠨ ᠲᠠᠶᠢᠯᠪᠤᠷᠢ       ᠬᠤᠶᠠᠷ ᠶᠡᠭᠡ ᠶᠠᠪᠤᠳᠠᠯ᠄ ᠨᠢᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ ᠃ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ  ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ ᠃ ᠨᠥᠭᠦᠭᠡ ᠨᠢ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ ᠃       ᠭᠤᠷᠪᠠᠨ ᠳᠥᠷᠪᠡᠨ ᠬᠠᠷᠠᠯᠲᠠ᠄ ᠳᠥᠷᠪᠡᠨ ᠳᠡᠯᠡᠬᠡᠶ ᠶᠢᠨ ᠲᠠᠰ ᠤᠨ ᠠᠵᠤ ᠦᠶᠯᠡᠰ ᠲᠤ ᠡᠨᠧᠷᠭᠢ ᠶᠢᠨ ᠠᠵᠤ ᠦᠶᠯᠡᠰ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ ᠠᠵᠤ ᠦᠶᠯᠡᠰ᠂ ᠢᠮᠠᠭᠠᠨ ᠨᠣᠯᠤᠤᠷ ᠤᠨ ᠠᠵᠤ ᠦᠶᠯᠡᠰ ᠢ ᠪᠠᠭᠲᠠᠭᠠᠨ᠎ᠠ᠃ ᠠᠮᠢ ᠠᠬᠤᠶ ᠶᠢᠨ ᠵᠠᠰᠠᠯᠲᠠ ᠶᠢᠨ ᠬᠡᠪ ᠳᠠᠭᠤᠷᠢᠶᠠᠯ᠂ ᠪᠣᠯᠪᠠᠰᠤᠨ ᠬᠤᠲᠠ ᠶᠢᠨ ᠬᠡᠪ ᠳᠠᠭᠤᠷᠢᠶᠠᠯ᠂ ᠬᠠᠮᠲᠤ ᠪᠠᠷ ᠪᠠᠶᠠᠵᠢᠭᠰᠠᠨ ᠬᠡᠪ ᠳᠠᠭᠤᠷᠢᠶᠠᠯ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠡᠪ ᠳᠠᠭᠤᠷᠢᠶᠠᠯ ᠢ ᠪᠠᠭᠲᠠᠭᠠᠭᠰᠠᠨ ᠳᠥᠷᠪᠡᠨ ᠤᠯᠤᠰ ᠤᠨ ᠬᠡᠪ ᠳᠠᠭᠤᠷᠢᠶᠠᠯ ᠢ ᠪᠠᠶᠢᠭᠤᠯᠤᠨ᠎ᠠ᠃ ᠲᠡᠷᠢᠭᠦᠨ ᠵᠡᠷᠭᠡ ᠶᠢᠨ ᠰᠢᠨ᠎ᠡ ᠶᠢ ᠡᠭᠦᠳᠬᠦ ᠠᠮᠢ ᠠᠬᠤᠶ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠲᠡᠷᠢᠭᠦᠨ ᠵᠡᠷᠭᠡ ᠶᠢᠨ ᠬᠤᠲᠠ  ᠶᠢᠨ ᠳᠦᠷᠢ ᠲᠥᠷᠬᠦ ᠪᠠ ᠲᠡᠷᠢᠭᠦᠨ ᠵᠡᠷᠭᠡ ᠶᠢᠨ ᠺᠠᠳ᠋ᠷ ᠤᠨ ᠡᠩᠨᠡᠭᠡ ᠶᠢ ᠪᠠᠭᠲᠠᠭᠠᠭᠰᠠᠨ ᠳᠥᠷᠪᠡᠨ ᠪᠥᠬᠦ ᠤᠯᠤᠰ ᠤᠨ ᠲᠡᠷᠢᠭᠦᠨ ᠵᠡᠷᠭᠡ ᠶᠢᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ ᠃       ᠳᠥᠷᠪᠡᠨ ᠦᠨᠳᠦᠰᠦᠨ ᠱᠠᠲᠤᠨ ᠳᠤ ᠪᠠᠭᠤᠬᠤ᠄ ᠰᠢ ᠶᠢᠨ ᠫᠢᠩ ᠨᠥᠬᠦᠷ ᠹᠦᠵᠢᠶᠠᠨ ᠤ ᠨᠢᠩᠳᠧ ᠳᠤ ᠠᠵᠢᠯᠯᠠᠵᠤ ᠪᠠᠶᠢᠬᠤ ᠳᠠᠭᠠᠨ 《 ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠬᠢᠬᠦ᠂ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠶ ᠶᠢᠨ ᠭᠠᠵᠠᠷ ᠲᠤᠨᠢ ᠠᠵᠢᠯᠯᠠᠬᠤ ᠦᠨᠳᠦᠰᠦᠨ ᠱᠠᠲᠤᠨ ᠳᠤ ᠪᠠᠭᠤᠯᠭᠠᠬᠤ 》 ᠵᠡᠷᠭᠡ ᠠᠵᠢᠯᠯᠠᠬᠤ ᠠᠷᠭ᠎ᠠ ᠪᠠ ᠠᠵᠢᠯᠯᠠᠬᠤ ᠳᠦᠷᠢᠮ ᠢ ᠶᠡᠭᠡ ᠪᠠᠷ ᠰᠠᠨᠠᠭᠠᠴᠢᠯᠠᠨ ᠪᠡᠶᠡᠴᠢᠯᠡᠨ ᠬᠡᠷᠡᠭᠵᠢᠭᠦᠯᠦᠭᠰᠡᠨ ᠪᠠᠶᠢᠨ᠎ᠠ ᠃       ᠭᠤᠷᠪᠠ ᠠᠷᠪᠢᠨ ᠭᠤᠷᠪᠠ ᠴᠥᠭᠡᠨ ᠭᠤᠷᠪᠠ ᠤᠳᠠᠭᠠᠨ᠄ 《 ᠭᠤᠷᠪᠠ ᠠᠷᠪᠢᠨ 》 ᠪᠣᠯ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠠᠷᠪᠢᠨ ᠃ 《 ᠭᠤᠷᠪᠠᠨ ᠴᠥᠭᠡᠨ 》 ᠪᠣᠯ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ  ᠢ ᠰᠢᠶᠳᠪᠦᠷᠢᠯᠡᠬᠦ ᠨᠢ ᠴᠥᠭᠡᠨ ᠃ 《 ᠭᠤᠷᠪᠠᠨ ᠤᠳᠠᠭᠠᠨ 》 ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠬᠡᠯᠡᠵᠦ ᠪᠠᠶᠢᠨ᠎ᠠ ᠃       ᠬᠤᠲᠠ ᠶᠢᠨ ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ 《 ᠰᠢᠨ᠎ᠡ ᠭᠤᠷᠪᠠᠨ ᠳᠥᠷᠪᠡᠨ 》᠄  ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ 《 ᠰᠢᠨ᠎ᠡ ᠭᠤᠷᠪᠠᠨ ᠳᠥᠷᠪᠡᠨ 》 ᠢ ᠳᠤᠷᠠᠳᠪᠠ ᠃ ᠨᠢᠭᠡ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠯᠠᠭᠠᠯᠠᠭ᠎ᠠ ᠶᠢᠨ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠵᠤ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠶ ᠬᠠᠩᠭᠠᠬᠤ 《 ᠳᠥᠷᠪᠡᠨ ᠪᠠᠲᠤᠯᠠᠭ᠎ᠠ 》 ᠶᠢ ᠰᠠᠶᠢᠲᠤᠷ ᠬᠢᠨ᠎ᠠ᠃ ᠬᠤᠶᠠᠷ ᠲᠤ᠂ ᠬᠡᠦᠬᠡᠳ ᠰᠠᠭᠠᠲᠠᠭᠤᠯᠬᠤ᠂ ᠰᠤᠷᠭᠠᠭᠤᠯᠢ ᠳᠤ ᠣᠷᠣᠬᠤ᠂ ᠨᠠᠰᠤᠲᠠᠨ ᠢ ᠠᠰᠠᠷᠠᠬᠤ᠂ ᠰᠣᠶᠣᠯ ᠲᠠᠮᠢᠷ ᠤᠨ ᠠᠵᠢᠯᠯᠠᠭ᠎ᠠ 《 ᠳᠥᠷᠪᠡᠨ ᠣᠶᠢᠷ᠎ᠠ ᠬᠠᠪᠢ 》 ᠶᠢ ᠪᠡᠶᠡᠯᠡᠭᠦᠯᠦᠨ᠎ᠡ᠃ ᠭᠤᠷᠪᠠ ᠳᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠪᠰᠢᠨ ᠵᠡᠷᠭᠡ 《 ᠳᠥᠷᠪᠡᠨ ᠳᠡᠭᠡᠭᠰᠢᠯᠡᠯᠲᠡ 》 ᠶᠢ ᠠᠬᠢᠭᠤᠯᠤᠨ᠎ᠠ ᠃       ᠵᠢᠷᠭᠤᠭᠠᠨ ᠶᠡᠭᠡ ᠭᠤᠤᠯᠳᠠᠯᠭ᠎ᠠ ᠲᠠᠢ ᠢᠨᠵᠧᠨᠧᠷᠢᠩ᠂ ᠵᠢᠷᠭᠤᠭᠠᠨ ᠤᠷᠢᠳ ᠢᠶᠠᠷ ᠵᠢᠱᠢᠶ᠎ᠡ ᠦᠵᠡᠭᠦᠯᠬᠦ᠄  ᠲᠤᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ 《 ᠵᠢᠷᠭᠤᠭᠠᠨ ᠶᠡᠭᠡ ᠭᠤᠤᠯᠳᠠᠯᠭ᠎ᠠ ᠲᠠᠢ ᠢᠨᠵᠧᠨᠧᠷᠢᠩ᠂ ᠵᠢᠷᠭᠤᠭᠠᠨ ᠤᠷᠢᠳ ᠢᠶᠠᠷ ᠵᠢᠱᠢᠶ᠎ᠡ ᠦᠵᠡᠭᠦᠯᠬᠦ 》 ᠬᠠᠷᠠᠯᠲᠠ ᠡᠭᠦᠷᠭᠡ ᠶᠢ ᠳᠤᠷᠠᠳᠪᠠ ᠃ ᠨᠢᠭᠡ ᠳᠤ ᠪᠦᠯᠬᠦᠮᠳᠡᠯ ᠤᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠬᠦ ᠬᠡᠷᠡᠭᠲᠡᠢ᠃ ᠬᠤᠶᠠᠷ ᠲᠤ᠂ ᠲᠣᠭᠠᠴᠢᠯᠠᠭᠰᠠᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠠᠵᠤ ᠠᠬᠤᠶ ᠶᠢᠨ 《 ᠲᠠᠰ ᠳᠡᠪᠰᠢᠭᠰᠡᠨ ᠬᠡᠪ 》 ᠢ ᠪᠣᠶ ᠪᠣᠯᠭᠠᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠬᠦ ᠬᠡᠷᠡᠭᠲᠡᠶ᠃ ᠭᠤᠷᠪᠠ ᠳᠤ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠣᠳᠣᠬᠢᠴᠢᠯᠠᠭᠰᠠᠨ ᠭᠤᠣᠯ ᠬᠤᠲᠠ ᠲᠣᠭᠤᠷᠢᠭ ᠢ ᠪᠦᠲᠦᠭᠡᠨ ᠪᠠᠶᠢᠭᠤᠯᠬᠤ ᠳᠡᠭᠡᠷ᠎ᠡ ᠤᠷᠢᠳᠠᠪᠠᠷ ᠵᠢᠱᠢᠶ᠎ᠡ ᠦᠵᠡᠭᠦᠯᠬᠦ ᠬᠡᠷᠡᠭᠲᠡᠶ᠃ ᠳᠥᠷᠪᠡ ᠳᠤ᠂ ᠰᠢᠯᠢᠳᠡᠭ ᠰᠤᠷᠭᠠᠨ ᠬᠥᠮᠦᠵᠢᠯ ᠤᠨ ᠢᠨᠵᠧᠨᠧᠷᠢᠩ ᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠦᠨ᠎ᠡ᠃ ᠲᠠᠪᠤ ᠳᠤ ᠠᠷᠠᠳ ᠢ ᠪᠠᠶᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠠᠮᠲᠤ ᠪᠠᠷ ᠴᠢᠨᠡᠭᠡᠯᠢᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠦᠨ᠎ᠡ᠃ ᠵᠢᠷᠭᠤᠭ᠎ᠠ ᠳᠤ᠂ ᠣᠶᠤᠨᠴᠢ ᠵᠠᠰᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠩᠭᠠᠳᠬᠠᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠦᠨ᠎ᠡ ᠃        ᠪᠤᠳᠤᠬᠤ ᠴᠢᠳᠠᠪᠤᠷᠢ᠄ ᠪᠤᠳᠤᠬᠤ ᠴᠢᠳᠠᠪᠤᠷᠢ ᠪᠣᠯ ᠲᠤᠭ᠎ᠠ ᠪᠠᠷᠢᠮᠲᠠ ᠶᠢᠨ ᠲᠥᠪ ᠤᠨ ᠦᠢᠯᠡᠴᠢᠯᠡᠭᠦᠷ ᠨᠢ ᠲᠤᠭ᠎ᠠ ᠪᠠᠷᠢᠮᠲᠠ ᠶᠢ ᠰᠢᠶᠳᠪᠦᠷᠢᠯᠡᠭᠰᠡᠨ ᠤ ᠳᠠᠷᠠᠭ᠎ᠠ ᠦᠷ᠎ᠡ ᠳ᠋ᠦᠩ ᠤᠨ ᠭᠠᠷᠭᠠᠯᠲᠠ ᠶᠢ ᠪᠡᠶᠡᠯᠡᠭᠦᠯᠬᠦ‍ ᠨᠢᠭᠡ ᠵᠦᠶᠯ ᠤᠨ ᠴᠢᠳᠠᠪᠤᠷᠢ ᠪᠣᠯᠤᠨ᠎ᠠ ᠃       ᠲᠡᠷᠭᠡᠨ ᠵᠠᠮ ᠤᠨ ᠡᠭᠦᠯᠡ ᠶᠢ ᠨᠢᠭᠡ ᠴᠣᠭᠴᠠᠵᠢᠭᠤᠯᠬᠤ᠄ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠬᠢᠭᠡᠳ ᠮᠡᠳᠡᠭᠡ ᠬᠤᠯᠪᠣᠭᠠᠨ ᠤ ᠮᠡᠷᠭᠡᠵᠢᠯ ᠢᠶᠠᠷ ᠳᠠᠮᠵᠢᠭᠤᠯᠤᠨ ᠬᠥᠮᠦᠨ᠂ ᠲᠡᠷᠭᠡ᠂ ᠵᠠᠮ᠂ ᠡᠭᠦᠯᠡᠨ ᠤ ᠹᠢᠽᠢᠺ ᠤᠨ ᠣᠷᠣᠨ ᠵᠠᠶ᠂ ᠮᠡᠳᠡᠭᠡ ᠵᠠᠩᠭᠢ ᠶᠢᠨ ᠣᠷᠣᠨ ᠵᠠᠶ ᠶᠢ ᠨᠡᠶᠢᠯᠡᠭᠦᠯᠦᠨ ᠨᠢᠭᠡ ᠴᠣᠭᠴᠠ ᠪᠣᠯᠭᠠᠵᠤ᠂ ᠰᠢᠰᠲ᠋ᠧᠮ ᠤᠨ ᠬᠠᠮᠵᠢᠯᠴᠠᠨ ᠮᠡᠳᠡᠷᠡᠬᠦ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠡᠵᠡᠮᠳᠡᠬᠦ ᠳᠤ ᠰᠠᠭᠤᠷᠢᠯᠠᠨ᠂ ᠣᠶᠤᠨᠴᠢ ᠰᠦᠯᠵᠢᠶ᠎ᠡ ᠪᠠᠷ ᠬᠤᠯᠪᠣᠭᠰᠠᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠰᠢᠰᠲ᠋ᠧᠮ ᠤᠨ ᠠᠮᠤᠷ ᠲᠦᠪᠰᠢᠨ᠂ ᠡᠨᠧᠷᠭᠢ ᠠᠷᠪᠢᠯᠠᠬᠤ᠂ ᠲᠠᠭᠠᠯᠠᠮᠵᠢᠲᠠᠶ ᠵᠢᠴᠢ ᠥᠨᠳᠥᠷ ᠪᠦᠲᠦᠮᠵᠢᠲᠡᠶ ᠠᠵᠢᠯᠯᠠᠬᠤ ᠮᠡᠳᠡᠭᠡ ᠵᠠᠩᠭᠢ ᠶᠢᠨ ᠹᠢᠽᠢᠺ ᠤᠨ ᠰᠢᠰᠲ᠋ᠧᠮ ᠢ ᠪᠡᠶᠡᠯᠡᠭᠦᠯᠦᠨ᠎ᠡ ᠃       ᠪᠥᠬᠦ ᠬᠤᠲᠠ ᠶᠢᠨ 《 ᠲᠠᠪᠤᠨ ᠰᠡᠳᠬᠢᠯ 》 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠄ ᠲᠥᠷᠥ ᠶᠢᠨ ᠪᠣᠳᠣᠯᠭ᠎ᠠ ᠪᠠᠷ ᠬᠠᠮᠤᠭ ᠤᠨ ᠳᠣᠲᠣᠨᠣ᠂ ᠠᠵᠢᠯ ᠶᠠᠪᠤᠳᠠᠯ ᠭᠦᠶᠴᠡᠳᠬᠡᠬᠦ ᠳᠤ ᠬᠠᠮᠤᠭ ᠤᠨ ᠰᠠᠨᠠᠭ᠎ᠠ ᠠᠮᠤᠷ᠂ ᠪᠠᠯᠠ ᠣᠷᠣᠭᠤᠯᠤᠯᠲᠠ ᠪᠠᠷ ᠬᠠᠮᠤᠭ ᠤᠨ ᠰᠠᠨᠠᠭ᠎ᠠ ᠠᠮᠤᠷ᠂ ᠦᠶᠯᠡᠴᠢᠯᠡᠭᠡ ᠪᠠᠷ ᠬᠠᠮᠤᠭ ᠤᠨ ᠬᠠᠯᠠᠭᠤᠨ ᠳᠤᠯᠠᠭᠠᠨ᠂ ᠠᠮᠢᠳᠤᠷᠠᠯ ᠬᠠᠮᠤᠭ ᠤᠨ ᠲᠠᠭᠠᠯᠠᠮᠵᠢᠲᠠᠶ 《 ᠲᠠᠪᠤᠨ ᠰᠡᠳᠬᠢᠯ 》 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠃       ᠬᠠᠶᠠᠭᠳᠠᠮᠠᠯ ᠪᠣᠳᠠᠰ ᠦᠭᠡᠢ ᠬᠤᠳᠠ᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠰᠢᠨ᠎ᠡ ᠬᠥᠭᠵᠢᠯᠲᠡ  ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠣᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠬᠤ ᠪᠠᠷ ᠳᠠᠮᠵᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠪᠤᠯᠠᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠤᠳᠠ ᠶᠢᠨ ᠬᠥᠭᠵᠢᠯᠲᠡ ᠶᠢᠨ ᠵᠠᠭᠪᠤᠷ᠂ ᠮᠥᠨᠴᠦ ᠨᠢᠭᠡ ᠵᠦᠢᠯ ᠤᠨ ᠲᠡᠷᠢᠭᠦᠨ ᠤ ᠬᠤᠳᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠤᠨ᠎ᠠ ᠃       ᠶᠢᠰᠦᠨ ᠵᠢᠵᠢᠭ ᠲᠠᠯᠠᠪᠤᠷ᠄ ᠪᠠᠭ᠎ᠠ ᠰᠤᠷᠭᠠᠭᠤᠯᠢ ᠪᠤᠶᠤ ᠬᠡᠦᠬᠡᠳ ᠤᠨ ᠴᠡᠴᠡᠷᠯᠢᠭ᠂ ᠵᠢᠵᠢᠭ ᠡᠮᠨᠡᠯᠭᠡ ᠶᠢᠨ ᠬᠤᠷᠢᠶ᠎ᠠ᠂ ᠵᠢᠵᠢᠭ ᠳᠡᠯᠭᠡᠭᠦᠷ᠂ ᠵᠢᠵᠢᠭ ᠢᠳᠡᠭᠡᠨ ᠤᠮᠳᠠᠭᠠᠨ ᠤ ᠲᠠᠯᠠᠪᠤᠷ᠂ ᠵᠢᠵᠢᠭ ᠪᠠᠭᠤᠳᠠᠯ᠂ ᠵᠢᠵᠢᠭ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠵᠢᠵᠢᠭ ᠰᠦᠯᠵᠢᠶᠡᠨ ᠪᠠᠭᠠᠷ᠂ ᠵᠢᠵᠢᠭ ᠵᠢᠰᠦ ᠭᠤᠶᠣᠯᠠᠬᠤ ᠤᠬᠢᠶᠠᠯᠭ᠎ᠠ ᠶᠢᠨ ᠭᠠᠵᠠᠷ᠂ ᠵᠢᠵᠢᠭ ᠦᠶᠯᠡᠳᠪᠦᠷᠢᠯᠡᠨ ᠡᠳ᠋ᠰᠢᠭᠦᠯᠬᠦ ᠠᠵᠤ ᠠᠬᠤᠶᠢᠯᠠᠯ ᠤᠨ ᠶᠡᠷᠦᠩᠬᠡᠶ ᠨᠡᠷᠡᠶᠢᠳᠦᠯ ᠢ ᠵᠢᠭᠠᠵᠤ ᠪᠣᠶ ᠃       
ᠢᠷᠡᠯᠲᠡ᠄ ᠲᠤᠰ ᠰᠦᠯᠵᠢᠶ᠎ᠡ