ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠲᠤᠰᠠᠭᠠᠷ ᠰᠢᠯᠭᠠᠯᠲᠠ ᠪᠠᠷ ᠰᠤᠷᠤᠭᠴᠢ ᠡᠯᠰᠡᠬᠦ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/11
                           ᠥᠪᠥᠷ ᠰᠤᠷᠭᠠᠨ ᠰᠤᠷᠤᠭᠴᠢ ᠪᠢᠴᠢᠭ ︹2024︺ 3 ᠳ᠋ᠤᠭᠠᠷ ᠲᠣᠭᠠᠲᠤ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠲᠤᠰᠠᠭᠠᠷ ᠰᠢᠯᠭᠠᠯᠲᠠ ᠪᠠᠷ ᠰᠤᠷᠤᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠰᠤᠷᠤᠭᠴᠢ ᠪᠢᠴᠢᠭ ︹2024︺ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠪᠠ᠄         ᠨᠢᠭᠡ᠂ ᠠᠵᠢᠯ ᠤᠨ ᠳᠡᠰ ᠳᠠᠷᠠᠭᠠᠯᠠᠯ        ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠳᠤᠰᠠᠭᠠᠷ ᠰᠤᠷᠤᠭᠴᠢ ᠡᠯᠰᠡᠬᠦ ᠠᠵᠢᠯ ᠤᠨ ᠳᠡᠰ ᠳᠠᠷᠠᠭᠠᠯᠠᠯ ᠪᠣᠯ᠄ ᠰᠢᠯᠭᠠᠭᠤᠯᠤᠭᠴᠢ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠵᠦ᠂ ᠳᠡᠭᠡᠳᠦ ᠰᠤᠷᠭᠠᠭᠤᠯᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠳᠣᠰᠠᠭᠠᠷ ᠰᠤᠷᠤᠭᠴᠢ ᠡᠯᠰᠡᠬᠦ ᠠᠵᠢᠯ ᠤᠨ ᠲᠥᠰᠦᠯ ᠢ ᠨᠡᠶᠢᠲᠡᠯᠡᠨ᠂ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠬᠤᠪᠢᠶᠠᠨ ᠰᠤᠷᠤᠭᠴᠢ ᠡᠯᠰᠡᠬᠦ ᠲᠥᠯᠥᠪᠯᠡᠭᠡ ᠶᠢ ᠨᠡᠶᠢᠲᠡᠯᠡᠵᠦ᠂ ᠰᠢᠯᠭᠠᠭᠤᠯᠤᠭᠴᠢ ᠰᠦᠯᠵᠢᠶᠡᠨ ᠳᠤ ᠡᠷᠡᠮᠡᠯᠵᠡᠯ ᠲᠠᠭᠯᠠᠨ᠂ ᠳᠡᠭᠡᠳᠦ ᠰᠤᠷᠭᠠᠭᠤᠯᠢ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠪᠠᠭᠤᠯᠭᠠᠵᠤ᠂ ᠰᠢᠯᠭᠠᠭᠤᠯᠤᠭᠴᠢ ᠳᠡᠭᠡᠳᠦ ᠰᠤᠷᠭᠠᠭᠤᠯᠢ ᠶᠢᠨ ᠳᠠᠷᠬᠠᠭᠠᠭᠰᠠᠨ ︽ᠰᠢᠯᠭᠠᠭᠤᠯᠬᠤ ᠳᠡᠮᠳᠡᠭ︾ ᠢ ᠠᠪᠤᠨ᠂ ᠳᠡᠭᠡᠳᠦ ᠰᠤᠷᠭᠠᠭᠤᠯᠢ ᠰᠢᠯᠭᠠᠯᠲᠠ ᠶᠢ ᠵᠣᠬᠢᠶᠠᠨ ᠪᠠᠶᠢᠭᠤᠯᠵᠤ᠂ ᠳᠡᠭᠡᠳᠦ ᠰᠤᠷᠭᠠᠭᠤᠯᠢ ᠰᠢᠯᠭᠠᠭᠤᠯᠤᠭᠰᠠᠳ ᠤᠨ ᠬᠢᠷᠢ ᠪᠦᠲᠦᠮᠵᠢ ᠶᠢ ᠢᠯᠡ ᠨᠡᠶᠢᠲᠡᠯᠡᠨ᠂ ᠳᠡᠭᠡᠳᠦ ᠰᠤᠷᠭᠠᠭᠤᠯᠢ ᠡᠯᠰᠡᠬᠦ ᠪᠠᠷ ᠪᠠᠶᠢᠭ᠎ᠠ ᠰᠤᠷᠤᠭᠴᠢ ᠶᠢᠨ ᠨᠡᠷᠡᠰ ᠢ ᠢᠯᠡ ᠨᠡᠶᠢᠲᠡᠯᠡᠵᠦ᠂ ᠳᠡᠭᠡᠳᠦ ᠰᠤᠷᠭᠠᠭᠤᠯᠢ ᠡᠯᠰᠡᠬᠦ ᠪᠠᠷ ᠪᠠᠶᠢᠭ᠎ᠠ ᠨᠡᠷᠡᠰ ᠢ ᠳᠠᠮᠵᠢᠭᠤᠯᠤᠨ᠂ ᠡᠯᠰᠡᠨ ᠠᠪᠬᠤ ᠭᠠᠷᠳᠠᠮ ᠢ ᠭᠦᠢᠴᠡᠳᠬᠡᠵᠦ᠂ ᠡᠯᠰᠡᠨ ᠠᠪᠬᠤ ᠮᠡᠳᠡᠭᠳᠡᠯ ᠤᠨ ᠪᠢᠴᠢᠭ ᠣᠯᠭᠤᠨ᠎ᠠ᠃        ᠬᠤᠶᠠᠷ᠂ ᠰᠤᠷᠤᠭᠴᠢ ᠡᠯᠰᠡᠬᠦ ᠲᠥᠰᠦᠯ ᠢ ᠨᠡᠶᠢᠲᠡᠯᠡᠬᠦ        ︵ᠨᠢᠭᠡ︶ ᠣᠷᠣᠨ ᠤ ᠳᠣᠲᠣᠷᠠᠬᠢ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠰᠠᠭᠠᠷ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠢ 2024 ᠣᠨ ᠤ 2 ᠰᠠᠷ᠎ᠠ ᠶᠢᠨ 23 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ᠂ ᠬᠢᠨᠠᠨ ᠪᠠᠶᠢᠴᠠᠭᠠᠯᠲᠠ ᠶᠢ ᠥᠩᠭᠡᠷᠡᠭᠰᠡᠨ ᠤ ᠳᠠᠷᠠᠭ᠎ᠠ᠂ ᠶᠡᠭᠡ ᠳᠡᠭᠡᠳᠦ ᠰᠤᠷᠭᠠᠭᠤᠯᠢ ᠠᠴᠠ ᠳᠡᠭᠡᠳᠦ ᠰᠤᠷᠭᠠᠭᠤᠯᠢ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ ᠰᠢᠯᠭᠠᠭᠤᠯᠤᠭᠴᠢ ᠶᠢ ᠡᠷᠡᠮᠡᠯᠵᠡᠯ ᠲᠠᠭᠯᠠᠬᠤ ᠠᠴᠠ ᠡᠮᠦᠨ᠎ᠡ᠂ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠳᠤᠰᠠᠭᠠᠷ ᠰᠤᠷᠤᠭᠴᠢ ᠡᠯᠰᠡᠬᠦ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠤᠨ ᠰᠤᠷᠭᠠᠭᠤᠯᠢ ᠶᠢᠨ ᠠᠯᠪᠠᠨ ᠰᠦᠯᠵᠢᠶᠡᠨ ᠤ ᠬᠠᠶ᠋ᠢᠭ ᠢ ᠨᠡᠶᠢᠲᠡᠯᠡᠨ᠎ᠡ᠃        ︵ᠬᠤᠶᠠᠷ︶ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠲᠤᠰᠠᠭᠠᠷ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠨᠢ ᠡᠷᠬᠡᠪᠰᠢ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠠᠴᠠ ᠭᠠᠳᠠᠨ᠎ᠠ᠂ ᠪᠠᠰᠠ ᠰᠤᠷᠤᠭᠴᠢ ᠡᠯᠰᠡᠬᠦ ᠡᠲᠡᠭᠡᠳ᠂ ᠰᠤᠷᠤᠭᠴᠢ ᠡᠯᠰᠡᠬᠦ ᠨᠥᠬᠦᠴᠡᠯ᠂ ᠳᠠᠷᠤᠮᠠᠯᠯᠠᠬᠤ ᠪᠤᠶᠤ ᠰᠢᠯᠭᠠᠭᠤᠯᠬᠤ ᠳᠡᠮᠳᠡᠭ ᠢ ᠠᠪᠬᠤ ᠴᠠᠭ ᠪᠠ ᠭᠠᠵᠠᠷ᠂ ᠲᠤᠰ ᠰᠤᠷᠭᠠᠭᠤᠯᠢ ᠶᠢᠨ ᠠᠵᠢᠯ ᠮᠡᠷᠭᠡᠵᠢᠯ ᠳᠤ ᠵᠣᠬᠢᠴᠠᠬᠤ ᠰᠢᠯᠭᠠᠯᠲᠠ᠂ ᠰᠣᠶᠣᠯ ᠤᠨ ᠰᠠᠭᠤᠷᠢ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠰᠣᠷᠢᠯᠲᠠ ᠶᠢᠨ ᠠᠭᠤᠯᠭ᠎ᠠ᠂ ᠠᠷᠭ᠎ᠠ ᠮᠠᠶ᠋ᠢᠭ᠂ ᠴᠠᠭ ᠬᠤᠭᠤᠴᠠᠭ᠎ᠠ᠂ ᠭᠠᠵᠠᠷ᠂ ᠶᠡᠷᠦᠩᠬᠡᠶᠢᠯᠡᠨ ᠦᠨᠡᠯᠡᠬᠦ ᠠᠷᠭ᠎ᠠ᠂ ᠡᠯᠰᠡᠬᠦ ᠪᠠᠷ ᠪᠠᠶᠢᠭ᠎ᠠ ᠨᠡᠷᠡᠰ ᠢ ᠢᠯᠡ ᠨᠡᠶᠢᠲᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠨ᠎ᠠ᠃ ᠲᠥᠰᠦᠯ ᠤᠨ ᠦᠰᠦᠭ ᠪᠢᠴᠢᠭ ᠢᠶᠠᠷ ᠢᠯᠡᠳᠭᠡᠭᠰᠡᠨ ᠨᠢ ᠣᠨᠣᠪᠴᠢᠲᠠᠢ ᠪᠥᠭᠡᠳ ᠲᠣᠳᠤᠷᠬᠠᠢ᠂ ᠰᠠᠯᠪᠤᠷᠢ ᠤᠳᠬ᠎ᠠ ᠦᠭᠡᠢ ᠪᠠᠶᠢᠬᠤ ᠬᠡᠷᠡᠭᠲᠡᠢ᠃        ᠭᠤᠷᠪᠠ᠂ ᠰᠦᠯᠵᠢᠶᠡᠨ ᠳᠤ ᠡᠷᠡᠮᠡᠯᠵᠡᠯ ᠲᠠᠭᠯᠠᠬᠤ        ︵ᠨᠢᠭᠡ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠳᠤᠰᠠᠭᠠᠷ ᠰᠤᠷᠤᠭᠴᠢ ᠡᠯᠰᠡᠬᠦ ᠳᠤ ᠣᠷᠣᠯᠴᠠᠬᠤ ᠰᠢᠯᠭᠠᠭᠤᠯᠤᠭᠴᠢ ᠴᠥᠮ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠶᠢᠨ ᠬᠠᠮᠲᠤ ᠨᠡᠷ᠎ᠡ ᠮᠡᠳᠡᠭᠦᠯᠬᠦ ᠲᠥᠷᠥᠯ ᠢᠶᠠᠨ ᠵᠥᠪ ᠰᠣᠩᠭᠤᠵᠤ᠂ ᠡᠷᠡᠮᠡᠯᠵᠡᠯ ᠢ ᠬᠠᠪᠰᠤᠷᠭᠠᠨ ᠲᠠᠭᠯᠠᠬᠤ ᠲᠤᠬᠠᠢ ᠳᠣᠣᠷᠠᠬᠢ ᠮᠡᠲᠦ ᠳᠣᠭᠲᠠᠭᠠᠪᠠ᠄        1. ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠨᠡᠶᠢᠭᠡᠮ ᠤᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ︔ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃        2. ᠮᠣᠩᠭᠤᠯ ᠢᠶᠠᠷ ᠬᠢᠴᠢᠶᠡᠯᠯᠡᠬᠦ ᠤᠷᠠᠯᠢᠭ ᠤᠨ ᠲᠥᠷᠥᠯ ᠤᠨ ᠰᠢᠯᠭᠠᠭᠤᠯᠤᠭᠴᠢ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ︔ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ ᠰᠢᠯᠭᠠᠭᠤᠯᠤᠭᠴᠢ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠢ ᠮᠡᠷᠭᠡᠵᠢᠯ ᠤᠨ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃        3. ᠮᠣᠩᠭᠤᠯ ᠢᠶᠠᠷ ᠬᠢᠴᠢᠶᠡᠯᠯᠡᠬᠦ ᠤᠷᠠᠯᠢᠭ ︵ᠨᠡᠶᠢᠭᠡᠮ ᠤᠨ ᠰᠢᠨᠵᠢᠯᠡᠬᠦ ᠤᠬᠠᠭᠠᠨ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠨᠡᠶᠢᠭᠡᠮ ᠤᠨ ᠰᠢᠨᠵᠢᠯᠡᠬᠦ ᠤᠬᠠᠭᠠᠨ︶ ᠤᠨ ᠰᠢᠯᠭᠠᠭᠤᠯᠤᠭᠴᠢ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ ︔ ᠮᠣᠩᠭᠤᠯ  ᠢᠶᠠᠷ ᠬᠢᠴᠢᠶᠡᠯᠯᠡᠬᠦ ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠪᠠᠶᠢᠭᠠᠯᠢ ᠶᠢᠨ ᠰᠢᠨᠵᠢᠯᠡᠬᠦ ᠤᠬᠠᠭᠠᠨ︶ ᠤᠨ ᠰᠢᠯᠭᠠᠭᠤᠯᠤᠭᠴᠢ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃        4. ᠤᠷᠠᠯᠢᠭ ︵ᠨᠡᠶᠢᠭᠡᠮ ᠤᠨ ᠰᠢᠨᠵᠢᠯᠡᠬᠦ ᠤᠬᠠᠭᠠᠨ︶᠂ ᠪᠡᠶ᠎ᠡ ᠶᠢᠨ ᠲᠠᠮᠢᠷ ︵ᠨᠡᠶᠢᠭᠡᠮ ᠤᠨ ᠰᠢᠨᠵᠢᠯᠡᠬᠦ ᠤᠬᠠᠭᠠᠨ︶ ᠤᠨ ᠰᠢᠯᠭᠠᠭᠤᠯᠤᠭᠴᠢ ᠨᠡᠶᠢᠭᠡᠮ ᠤᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ︔ ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠪᠡᠶ᠎ᠡ ᠶᠢᠨ ᠲᠠᠮᠢᠷ ︵ᠪᠠᠶᠢᠭᠠᠯᠢ ᠶᠢᠨ ᠰᠢᠨᠵᠢᠯᠡᠬᠦ ᠤᠬᠠᠭᠠᠨ︶ ᠤᠨ ᠰᠢᠯᠭᠠᠭᠤᠯᠤᠭᠴᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃        5. ᠳᠠᠭᠤᠤ ᠬᠥᠭᠵᠢᠮ ᠤᠨ ᠲᠥᠷᠥᠯ᠂ ᠪᠥᠵᠢᠭ ᠤᠨ ᠲᠥᠷᠥᠯ᠂ ᠲᠣᠭᠯᠠᠯᠲᠠ ︵ᠤᠳᠤᠷᠢᠳᠤᠭᠠᠴᠢ︶ ᠶᠢᠨ ᠲᠥᠷᠥᠯ᠂ ᠨᠡᠪᠲᠡᠷᠡᠭᠦᠯᠦᠭᠴᠢ ᠪᠠ ᠬᠥᠲᠦᠯᠦᠭᠴᠢ ᠶᠢᠨ ᠲᠥᠷᠥᠯ᠂ ᠤᠷᠠᠨ ᠵᠢᠷᠤᠭ ᠪᠠ ᠵᠢᠷᠤᠭ ᠲᠥᠯᠥᠪᠯᠡᠭᠡ ᠶᠢᠨ ᠲᠥᠷᠥᠯ᠂ ᠤᠷᠠᠨ ᠪᠢᠴᠢᠯᠭᠡ ᠶᠢᠨ ᠲᠥᠷᠥᠯ ᠵᠡᠷᠭᠡ ᠥᠪᠡᠷᠲᠡᠭᠡᠨ ᠵᠠᠰᠠᠬᠤ ᠣᠷᠣᠨ ᠤ 6 ᠨᠢᠭᠡᠳᠦᠯᠲᠡᠢ ᠰᠢᠯᠭᠠᠯᠲᠠ ᠶᠢᠨ ᠲᠥᠷᠥᠯ ᠢ ᠬᠤᠭᠤᠷᠣᠨᠳᠣ ᠨᠢ ᠬᠠᠷᠢᠯᠴᠠᠨ ᠬᠠᠪᠰᠤᠷᠭᠠᠨ ᠮᠡᠳᠡᠭᠦᠯᠵᠦ ᠪᠣᠯᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠰᠢ ᠳᠠᠭᠤᠷᠢᠯᠢᠭ ᠤᠨ ᠲᠥᠷᠥᠯ ᠤᠨ ᠰᠢᠯᠭᠠᠯᠲᠠ ᠶᠢ ᠬᠠᠪᠰᠤᠷᠭᠠᠨ ᠮᠡᠳᠡᠭᠦᠯᠵᠦ ᠪᠣᠯᠤᠨ᠎ᠠ᠃        ︵ᠬᠤᠶᠠᠷ︶ ᠰᠦᠯᠵᠢᠶᠡᠨ ᠳᠤ ᠡᠷᠡᠮᠡᠯᠵᠡᠯ ᠲᠠᠭᠯᠠᠬᠤ ᠶᠢ 3 ᠰᠠᠷ᠎ᠠ ᠶᠢᠨ 4 - 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠰᠢᠯᠭᠠᠭᠤᠯᠤᠭᠴᠢ ᠵᠥᠪᠬᠡᠨ 1 ᠳᠡᠭᠡᠳᠦ ᠰᠤᠷᠭᠠᠭᠤᠯᠢ ᠶᠢᠨ ᠡᠷᠡᠮᠡᠯᠵᠡᠯ ᠪᠠ 3 ᠲᠤᠰᠬᠠᠢ ᠮᠡᠷᠭᠡᠵᠢᠯ ᠤᠨ ᠡᠷᠡᠮᠡᠯᠵᠡᠯ ᠢ ᠲᠠᠭᠯᠠᠨ ᠮᠡᠳᠡᠭᠦᠯᠵᠦ ᠪᠣᠯᠤᠨ᠎ᠠ᠂ ᠡᠭᠦᠨ ᠤ ᠬᠠᠮᠲᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠭᠠᠬᠤ ᠪᠠ ᠰᠦᠢᠳᠬᠡᠯ ᠨᠢ ᠦᠨᠡᠲᠡᠢ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠭᠠᠬᠤ ᠡᠰᠡᠬᠦ ᠶᠢ ᠰᠣᠩᠭᠤᠬᠤ ᠬᠡᠷᠡᠭᠲᠡᠢ᠃        ︵ᠭᠤᠷᠪᠠ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠳᠤᠰᠠᠭᠠᠷ ᠰᠤᠷᠤᠭᠴᠢ ᠡᠯᠰᠡᠬᠦ ᠲᠥᠯᠥᠪᠯᠡᠭᠡ ᠶᠢ ᠪᠡᠶᠡᠯᠡᠭᠦᠯᠦᠭᠡᠳᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 4 ᠳ᠋ᠦ᠋ᠭᠡᠷ ᠰᠠᠷ᠎ᠠ ᠶᠢᠨ 3 ᠤ ᠡᠳᠦᠷ ᠬᠤᠶᠠᠳᠤᠭᠠᠷ ᠤᠳᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠳᠤᠰᠠᠭᠠᠷ ᠰᠤᠷᠤᠭᠴᠢ ᠡᠯᠰᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠥᠪᠰᠢᠶᠡᠷᠡᠯ ᠦᠭᠡᠢ ᠪᠣᠯ ᠲᠥᠯᠥᠪᠯᠡᠭᠡ ᠨᠡᠮᠡᠵᠦ ᠪᠣᠯᠬᠤ ᠦᠭᠡᠢ᠂ 4 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠮᠦᠨ᠎ᠡ ᠦᠯᠡᠳᠡᠭᠰᠡᠨ ᠰᠤᠷᠤᠭᠴᠢ ᠡᠯᠰᠡᠬᠦ ᠲᠥᠯᠥᠪᠯᠡᠭᠡ ᠪᠠᠨ ᠨᠡᠶᠢᠲᠡᠯᠡᠵᠦ᠂ ᠬᠤᠶᠠᠳᠤᠭᠠᠷ ᠤᠳᠠᠭᠠᠨ ᠤ ᠰᠦᠯᠵᠢᠶᠡᠨ ᠳᠤ ᠡᠯᠰᠡᠬᠦ ᠡᠷᠡᠮᠡᠯᠵᠡᠯ ᠢ ᠲᠠᠭᠯᠠᠬᠤ ᠶᠢ 4 ᠳ᠋ᠦ᠋ᠭᠡᠷ ᠰᠠᠷ᠎ᠠ ᠶᠢᠨ 8 - 10 ᠤ ᠡᠳᠦᠷ ᠪᠣᠯᠲᠠᠯ᠎ᠠ ᠲᠣᠬᠢᠷᠠᠭᠤᠯᠪᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠶᠢ ᠨᠢᠭᠡᠨᠲᠡ ᠪᠡᠶᠡᠯᠡᠭᠦᠯᠦᠭᠰᠡᠨ ᠳᠡᠭᠡᠳᠦ ᠰᠤᠷᠭᠠᠭᠤᠯᠢ ᠵᠠᠷᠴᠢᠮ ᠳᠡᠭᠡᠷ᠎ᠡ ᠪᠠᠨ ᠡᠷᠡᠮᠡᠯᠵᠡᠯ ᠲᠠᠭᠯᠠᠬᠤ ᠳᠤ ᠣᠷᠣᠯᠴᠠᠬᠤ ᠦᠭᠡᠢ᠃ ︵ᠲᠦᠷᠪᠡ︶ ᠰᠦᠯᠵᠢᠶᠡᠨ ᠳᠤ ᠡᠷᠡᠮᠡᠯᠵᠡᠯ ᠲᠠᠭᠯᠠᠭᠰᠠᠨ ᠤ ᠳᠠᠷᠠᠭ᠎ᠠ᠂ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠲᠤᠰ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠪᠠᠭᠤᠯᠭᠠᠵᠤ ᠠᠪᠤᠨ᠎ᠠ᠃        ︵ᠲᠠᠪᠤ︶ ᠰᠦᠯᠵᠢᠶᠡᠨ ᠳᠤ ᠡᠷᠡᠮᠡᠯᠵᠡᠯ ᠲᠠᠭᠯᠠᠬᠤ ᠶᠢ ᠪᠡᠶᠡᠯᠡᠭᠦᠯᠦᠭᠰᠡᠨ ᠰᠢᠯᠭᠠᠭᠤᠯᠤᠭᠴᠢ᠂ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ︽ᠰᠢᠯᠭᠠᠭᠤᠯᠬᠤ ᠲᠡᠮᠳᠡᠭ︾ ᠢᠶᠠᠨ ᠠᠪᠴᠤ ᠰᠢᠯᠭᠠᠯᠲᠠ ᠳᠤ ᠣᠷᠣᠯᠴᠠᠨ᠎ᠠ᠃         ᠳᠥᠷᠪᠡ᠂ ᠰᠢᠯᠭᠠᠭᠤᠯᠬᠤ ᠪᠠ ᠡᠯᠰᠡᠭᠳᠡᠬᠦ        ︵ᠨᠢᠭᠡ︶ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠶᠢᠨ ᠠᠩᠬᠠᠳᠤᠭᠠᠷ ᠤᠳᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠴᠠᠭ ᠢ 3 ᠳ᠋ᠤᠭᠠᠷ ᠰᠠᠷ᠎ᠠ ᠶᠢᠨ 8 ᠤ ᠡᠳᠦᠷ ᠠᠴᠠ ᠡᠷᠲᠡ ᠪᠠᠶᠢᠯᠭᠠᠵᠤ ᠪᠣᠯᠬᠤ ᠦᠭᠡᠢ᠂ 3 ᠳ᠋ᠤᠭᠠᠷ ᠰᠠᠷ᠎ᠠ ᠶᠢᠨ 16 ᠤ ᠡᠳᠦᠷ ᠠᠴᠠ ᠣᠷᠣᠢ ᠪᠠᠶᠢᠯᠭᠠᠵᠤ ᠪᠣᠯᠬᠤ ᠦᠭᠡᠢ︔ ᠬᠤᠶᠠᠳᠠᠬᠢ ᠤᠳᠠᠭ᠎ᠠ ᠡᠷᠡᠮᠡᠯᠵᠡᠯ ᠲᠠᠭᠯᠠᠭᠰᠠᠨ ᠰᠢᠯᠭᠠᠭᠤᠯᠤᠭᠴᠢ ᠶᠢ ᠡᠯᠰᠡᠬᠦ ᠴᠠᠭ ᠢ 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠣᠷᠣᠢ ᠪᠠᠶᠢᠯᠭᠠᠵᠤ ᠪᠣᠯᠬᠤ ᠦᠭᠡᠢ᠃        ︵ᠬᠤᠶᠠᠷ︶ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠲᠤᠰ ᠰᠤᠷᠭᠠᠭᠤᠯᠢ ᠶᠢᠨ ᠢᠶᠠᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠳᠤᠰᠠᠭᠠᠷ ᠰᠤᠷᠤᠭᠴᠢ ᠡᠯᠰᠡᠬᠦ ᠪᠥᠬᠦ ᠰᠢᠯᠭᠠᠯᠲᠠ ᠶᠢᠨ ᠬᠢᠴᠢᠶᠡᠯ ᠲᠥᠷᠥᠯ ︵ᠲᠥᠷᠥᠯ ᠵᠦᠢᠯ︶ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ 7 ᠡᠳᠦᠷ ᠤᠨ ᠳᠣᠲᠣᠷ᠎ᠠ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠳᠠᠮᠵᠢᠭᠤᠯᠤᠨ᠎ᠠ᠃        ︵ᠭᠤᠷᠪᠠ︶ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠤ ᠳᠡᠭᠡᠳᠦ ᠰᠤᠷᠭᠠᠭᠤᠯᠢ ᠬᠤᠪᠢᠶᠠᠨ᠂ ᠬᠢᠴᠢᠶᠡᠯ ᠲᠥᠷᠥᠯ ᠬᠤᠪᠢᠶᠠᠨ᠂ ᠲᠤᠰᠬᠠᠢ ᠮᠡᠷᠭᠡᠵᠢᠯ ᠬᠤᠪᠢᠶᠠᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠢᠯᠡ ᠨᠡᠶᠢᠲᠡᠯᠡᠨ᠎ᠡ᠃        ︵ᠳᠥᠷᠪᠡ︶ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠨᠢᠭᠡᠨᠲᠡ ᠨᠡᠶᠢᠲᠡᠯᠡᠭᠰᠡᠨ ᠰᠤᠷᠤᠭᠴᠢ ᠡᠯᠰᠡᠬᠦ ᠳᠦᠷᠢᠮ ᠶᠣᠰᠣᠭᠠᠷ ᠰᠤᠷᠤᠭᠴᠢ ᠡᠯᠰᠡᠬᠦ ᠶᠢ ᠬᠡᠷᠡᠭᠵᠢᠭᠦᠯᠵᠦ᠂ ᠡᠯᠰᠡᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢ ᠶᠢ ᠡᠯᠰᠡᠵᠦ ᠪᠣᠯᠬᠤ ᠦᠭᠡᠢ᠂ ᠡᠯᠰᠡᠬᠦ ᠪᠠᠷ ᠪᠠᠶᠢᠭ᠎ᠠ ᠰᠢᠯᠭᠠᠭᠤᠯᠤᠭᠴᠢ ᠴᠥᠮ ᠡᠷᠬᠡᠪᠰᠢ ᠵᠣᠬᠢᠬᠤ ᠰᠢᠯᠭᠠᠭᠤᠯᠤᠭᠰᠠᠨ ᠬᠢᠴᠢᠶᠡᠯ ᠲᠥᠷᠦᠯ ︵ᠲᠥᠷᠥᠯ ᠵᠦᠢᠯ︶ ᠤᠨ ᠬᠢᠷᠢ ᠪᠥᠲᠦᠮᠵᠢ ᠪᠠᠶᠢᠬᠤ ᠬᠡᠷᠡᠭᠲᠡᠢ᠃ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠲᠤᠰ ᠰᠤᠷᠭᠠᠭᠤᠯᠢ ᠶᠢᠨ ᠠᠯᠪᠠᠨ ᠰᠦᠯᠵᠢᠶᠡᠨ ᠳᠤ ᠡᠯᠰᠡᠬᠦ ᠰᠤᠷᠤᠭᠴᠢ ᠶᠢᠨ ᠨᠡᠷᠡᠰ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃        ︵ᠲᠠᠪᠤ︶ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠠᠩᠬᠠᠳᠤᠭᠠᠷ ᠤᠳᠠᠭ᠎ᠠ ᠰᠦᠯᠵᠢᠶᠡᠨ ᠳᠤ ᠡᠷᠡᠮᠡᠯᠵᠡᠯ ᠲᠠᠭᠯᠠᠭᠰᠠᠨ ᠪᠠ ᠬᠤᠶᠠᠳᠤᠭᠠᠷ ᠤᠳᠠᠭ᠎ᠠ ᠡᠷᠡᠮᠡᠯᠵᠡᠯ ᠲᠠᠭᠯᠠᠭᠰᠠᠨ ᠡᠯᠰᠡᠬᠦ ᠪᠠᠷ ᠪᠠᠶᠢᠭ᠎ᠠ ᠰᠢᠯᠭᠠᠭᠤᠯᠤᠭᠴᠢ ᠶᠢᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠭᠡᠵᠦ᠂ ᠳᠠᠮᠵᠢᠭᠤᠯᠬᠤ ᠴᠠᠭ ᠨᠢ ᠲᠤᠰ ᠲᠤᠰ 4 ᠰᠠᠷ᠎ᠠ ᠶᠢᠨ 1 ᠤ ᠡᠳᠦᠷ ᠠᠴᠠ ᠡᠮᠦᠨ᠎ᠡ ᠪᠠ 4 ᠰᠠᠷ᠎ᠠ ᠶᠢᠨ 26 ᠤ ᠡᠳᠦᠷ ᠠᠴᠠ ᠡᠮᠦᠨ᠎ᠡ ᠪᠣᠯᠤᠨ᠎ᠠ᠃        ︵ᠵᠢᠷᠭᠤᠭ᠎ᠠ︶ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠡᠭᠡᠳᠦ ᠰᠤᠷᠭᠠᠭᠤᠯᠢ ᠬᠤᠪᠢᠶᠠᠨ᠂ ᠰᠢᠨᠵᠢᠯᠡᠭᠡᠨ ᠤ ᠰᠠᠯᠠᠭ᠎ᠠ ᠬᠤᠪᠢᠶᠠᠨ᠂ ᠲᠤᠰᠬᠠᠢ ᠮᠡᠷᠭᠡᠵᠢᠯ ᠬᠤᠪᠢᠶᠠᠨ ᠡᠯᠰᠡᠬᠦ ᠪᠠᠷ ᠪᠠᠶᠢᠭ᠎ᠠ ᠰᠢᠯᠭᠠᠭᠤᠯᠤᠭᠴᠢ ᠶᠢᠨ ᠨᠡᠷᠡᠰ ᠢ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠮᠡᠳᠡᠭᠡ ᠵᠠᠩᠭᠢ ᠨᠢ ᠰᠢᠯᠭᠠᠭᠤᠯᠤᠭᠴᠢ ᠶᠢᠨ ᠣᠪᠣᠭ ᠨᠡᠷ᠎ᠡ᠂ ᠰᠢᠯᠭᠠᠭᠤᠯᠤᠭᠴᠢ ᠶᠢᠨ ᠨᠣᠮᠧᠷ᠂ ᠰᠢᠯᠭᠠᠯᠲᠠ ᠶᠢᠨ ᠬᠢᠷᠢ ᠪᠦᠲᠦᠮᠵᠢ ᠪᠠ ᠰᠤᠷᠤᠭᠴᠢ ᠡᠯᠰᠡᠬᠦ ᠲᠤᠰᠬᠠᠢ ᠮᠡᠷᠭᠡᠵᠢᠯ ᠵᠡᠷᠭᠡ ᠶᠢ ᠪᠠᠭᠲᠠᠭᠠᠨ᠎ᠠ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ