ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠮᠠ ᠶᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/3/14
图片1.png
    ᠰᠤᠷᠪᠤᠯᠵᠢᠯᠠᠭᠴᠢ᠄ ᠮᠠ ᠶᠠᠨ ᠭᠡᠰᠢᠭᠦᠨ ᠠ᠋᠂ ᠲᠠ ᠰᠣᠶᠣᠯ ᠤᠷᠠᠯᠢᠭ ᠤᠨ ᠡᠲᠡᠭᠡᠳ ᠤᠨ ᠬᠢᠨ  ᠪᠤᠯᠬᠤᠷ᠂  ᠬᠢᠶ᠎ᠠ ᠪᠠᠭᠰᠢ  ᠶᠢᠨ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠶᠠᠪᠤᠴᠠ ᠳᠤ ᠣᠷᠣᠨ ᠪᠠᠶᠢᠷᠢ ᠪᠠᠨ ᠬᠡᠷᠬᠢᠨ ᠲᠣᠭᠲᠠᠭᠠᠬᠤ᠂ ᠬᠡᠷᠬᠢᠨ ᠤᠶᠠᠯᠳᠤᠭᠤᠯᠬᠤ ᠲᠤᠬᠠᠢ ᠲᠠ ᠶᠠᠮᠠᠷ ᠰᠢᠨ᠎ᠡ ᠪᠣᠳᠣᠯ ᠲᠠᠢ ᠪᠠᠶᠢᠬᠤ ᠪᠣᠶ︖     ᠮᠠ ᠶᠠᠨ ᠭᠡᠰᠢᠭᠦᠨ᠄ ᠣᠶᠢᠷ᠎ᠠ ᠶᠢᠨ ᠵᠢᠯ ᠤᠳ ᠲᠤ ᠰᠣᠶᠣᠯ ᠵᠢᠭᠤᠯᠴᠢᠯᠠᠯ ᠨᠢ ᠬᠢᠶ᠎ᠠ ᠪᠠᠭᠰᠢ  ᠶᠢᠨ ᠭᠤᠣᠯ ᠠᠵᠤ ᠦᠢᠯᠡᠰ ᠪᠣᠯᠣᠭᠰᠠᠭᠠᠷ ᠢᠷᠡᠵᠡᠶ᠂ ᠬᠥᠭᠵᠢᠯᠲᠡ ᠶᠢᠨ ᠶᠠᠪᠤᠴᠠ ᠳᠤ ᠮᠣᠩᠭᠤᠯ ᠶᠤᠸᠠᠨ ᠤ ᠰᠣᠶᠣᠯ ᠪᠠ ᠣᠲᠣ ᠦᠶ᠎ᠡ ᠶᠢᠨ ᠰᠣᠶᠣᠯ ᠤᠨ ᠵᠠᠷᠢᠮ ᠡᠯᠧᠮᠧᠨ᠋ᠲ  ᠢ ᠠᠭᠤᠰᠬᠠᠵᠤ᠂ ᠪᠠᠶᠢᠳᠠᠯ ᠮᠠᠰᠢ ᠰᠠᠶᠢᠨ ᠪᠠᠶᠢᠨ᠎ᠠ᠃ ᠨᠡᠶᠢᠭᠡᠮ ᠤᠨ ᠲᠠᠪᠰᠢᠯᠳᠠ ᠪᠠ ᠬᠥᠮᠥᠰ ᠤᠨ ᠬᠡᠷᠡᠭᠯᠡᠭᠡᠨ ᠤ ᠦᠵᠡᠯᠲᠡ ᠶᠢᠨ ᠬᠤᠪᠢᠷᠠᠯᠲᠠ ᠶᠢ ᠳᠠᠭᠠᠯᠳᠤᠨ᠂ ᠤᠳᠤ ᠤᠯᠠᠮ ᠠᠴᠠ ᠤᠯᠠᠮ ᠤᠯᠠᠨ ᠬᠥᠮᠥᠰ ᠠᠷᠠᠳ ᠤᠨ ᠵᠠᠩ ᠥᠢᠯᠨ ᠶᠢᠨ ᠰᠣᠶᠣᠯ ᠳᠤ ᠭᠦᠨ ᠵᠤᠵᠠᠭᠠᠨ ᠳᠤᠷ᠎ᠠ ᠰᠣᠨᠢᠷᠬᠠᠯ ᠲᠠᠢ ᠪᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠢ ᠠᠭᠤᠳᠠᠯᠵᠤ᠂ ᠲᠡᠭᠦᠨ ᠢ  ᠵᠢᠭᠤᠯᠴᠢᠯᠠᠯ ᠤᠨ ᠠᠵᠢᠯᠯᠠᠭ᠎ᠠ ᠳᠤ ᠠᠭᠤᠰᠤᠯᠴᠠᠭᠤᠯᠬᠤ ᠬᠡᠷᠡᠭᠲᠡᠢ᠃ ᠵᠢᠱᠢᠶᠡᠯᠡᠪᠡᠯ ᠦᠢᠯᠡᠳᠪᠦᠷᠢᠯᠡᠯ ᠠᠮᠢᠳᠤᠷᠠᠯ᠂ ᠶᠣᠰᠣᠯᠠᠯ ᠤᠨ ᠦᠢᠯᠡ᠂ ᠭᠠᠷ ᠤᠷᠠᠯᠠᠯ ᠵᠡᠷᠭᠡ ᠪᠡᠶᠡᠴᠢᠯᠡᠨ ᠣᠶᠢᠯᠠᠭᠠᠬᠤ ᠲᠦᠷᠦᠯ ᠵᠦᠢᠯ ᠂ ᠨᠢᠭᠡ ᠪᠦᠯᠦᠭ ᠬᠢᠯᠠᠰ ᠴᠡᠭ ᠲᠠᠢ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠵᠠᠮ ᠱᠤᠭᠤᠮ ᠪᠣᠯᠣᠨ ᠰᠣᠶᠣᠯ  ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃
ᠢᠷᠡᠯᠲᠡ᠄ ᠲᠤᠰ ᠰᠦᠯᠵᠢᠶ᠎ᠡ