ᠲᠤᠭᠤᠷᠢᠭ ᠤᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/15
     3 ᠳ᠋ᠤᠭᠠᠷ ᠰᠠᠷ᠎ᠠ ᠶᠢᠨ 13 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠲᠥᠪ ᠬᠤᠷᠢᠶᠠᠨ ᠤ ᠤᠯᠤᠰ ᠲᠥᠷᠥ  ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ   ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ︽ᠰᠢᠨᠵᠢᠯᠡᠭᠡ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠶᠢ ᠰᠠᠶᠢᠲᠤᠷ ᠠᠳᠬᠤᠬᠤ﹀ ᠡᠨᠡᠬᠦ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂  ᠰᠢᠨᠵᠢᠯᠡᠭᠡ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠪᠦᠬᠦ  ᠲᠤᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠲᠣᠣᠷᠵᠢᠯ ᠤᠨ ᠰᠢᠰᠲ᠋ᠧᠮ ᠢ ᠴᠢᠨᠠᠭᠰᠢᠳᠠ ᠪᠠᠶᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠰᠢᠨ᠎ᠡ ᠨᠡᠮᠡᠭᠳᠡᠯ ᠤᠨ ᠴᠡᠭ ᠢ ᠨᠡᠩ ᠶᠡᠭᠡ ᠵᠣᠷᠢᠭ ᠰᠢᠭᠤᠳᠤᠨ ᠪᠣᠶᠢᠵᠢᠭᠤᠯᠵᠤ᠂ ᠬᠢᠶ᠎ᠠ ᠪᠠᠭᠰᠢ ᠲᠣᠭᠤᠷᠢᠭ ᠤᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠶᠡᠭᠡ ᠡᠷᠴᠢᠮ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ  ᠠᠴᠠ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠪᠠᠶᠢᠳᠠᠯ ᠤᠨ ᠲᠤᠬᠠᠢ ᠮᠠᠭᠠᠳᠯᠠᠯᠲᠠ ᠪᠠ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠢᠶ᠎ᠠ ᠪᠠᠭᠰᠢ ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠠᠵᠢᠯ ᠲᠠᠢ ᠤᠬᠠᠮᠰᠠᠷ  ᠠᠴᠠ ᠪᠠᠨ ᠤᠶᠠᠯᠳᠤᠭᠤᠯᠵᠤ᠂ ᠣᠨᠣᠪᠴᠢᠲᠠᠶ ᠵᠠᠳᠠᠯᠤᠨ ᠰᠤᠳᠤᠯᠵᠤ ᠮᠠᠭᠠᠳᠯᠠᠨ᠂ ᠬᠠᠮᠤᠭ ᠤᠨ ᠥᠨᠳᠥᠷ ᠪᠠᠷᠢᠮᠵᠢᠶ᠎ᠠ ᠲᠠᠢ ᠬᠠᠷᠭᠤᠭᠤᠯᠵᠤ᠂ ᠪᠥᠬᠦ ᠬᠦᠴᠦᠨ ᠢᠶᠠᠷ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠰᠠᠶᠢᠳ ᠯᠢ ᠴᠢᠶᠠᠩ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠢᠮᠠᠭᠲᠠ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂︽ᠨᠢᠭᠡ ᠠᠵᠢᠯ ᠤᠨ ᠪᠠᠶᠢᠷᠢ  ᠬᠤᠣᠰ  ᠡᠭᠦᠷᠭᠡᠯᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠬᠢᠨᠠᠯᠲᠠ ᠬᠥᠮᠦᠵᠢᠯ ᠢ ᠴᠢᠩᠭᠠᠳᠬᠠᠵᠤ᠂ ᠪᠦᠬᠦ  ᠲᠤᠭᠤᠷᠢᠭ ᠤᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ  ᠪᠠᠷ ᠲᠦᠯᠬᠢᠨ ᠠᠬᠢᠭᠤᠯᠬᠤ ᠲᠤᠬᠠᠢ ᠰᠠᠨᠠᠯ︾ ᠤᠨ ᠮᠡᠳᠡᠭᠳᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ︽ᠹᠧᠩ ᠴᠢᠶᠣᠣ ᠶᠢᠨ ᠲᠤᠷᠰᠢᠯᠭ᠎ᠠ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠵᠦ᠂ ᠤᠯᠠᠨ ᠲᠦᠮᠡᠨ ᠤ  ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ ᠥᠷᠭᠡᠳᠬᠡᠵᠦ᠂ ︽ᠳ᠋ᠥᠸᠧ ᠳ᠋ᠥᠸᠧ ᠫᠢᠩ︾ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠵᠡᠷᠭᠡ ᠴᠢᠳᠠᠪᠬᠢ ᠶᠢ ᠪᠦᠬᠦ ᠲᠠᠯ᠎ᠠ ᠪᠠᠷ ᠵᠠᠯᠭᠠᠬᠤ ᠶᠢ ᠲᠦᠷᠭᠡᠨ ᠠᠬᠢᠭᠤᠯᠵᠤ᠂  ᠰᠠᠭᠤᠭᠠᠯᠢ ᠠᠷᠠᠳ ᠤᠨ  ᠱᠠᠭᠠᠷᠳᠠᠯᠭ᠎ᠠ ᠶᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠤᠯᠤᠰ ᠤᠨ ᠦᠮᠴᠢᠯᠡᠯᠲᠤ ᠡᠳ᠋ ᠬᠥᠷᠥᠩᠭᠡ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠲᠠᠯᠠᠪᠤᠷ ᠤᠨ ︽ᠯᠣᠩᠬᠤ ᠶᠢ ᠬᠤᠭᠤᠯᠠᠢ ᠪᠠᠷ ᠰᠤᠯᠢᠬᠤ ︾ ᠠᠵᠢᠯ ᠵᠡᠷᠭᠡ ᠵᠦᠢᠯᠡᠰ ᠢ ᠰᠤᠳᠤᠯᠵᠠᠢ᠃ 
ᠢᠷᠡᠯᠲᠡ᠄ ᠲᠤᠰ ᠰᠦᠯᠵᠢᠶ᠎ᠡ