ᠬᠤᠶᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/19
          3 ᠰᠠᠷ᠎ᠠ ᠶᠢᠨ 18 ᠤ ᠡᠳᠦᠷ᠂ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠠᠶᠣᠰᠢ ᠬᠤᠷᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠼᠦᠢ ᠬᠤᠤ ᠬᠤᠷᠠᠯ ᠳᠤ ᠣᠷᠣᠯᠴᠠᠪᠠ᠃
640.jpg
          ᠬᠤᠷᠠᠯ ᠳᠡᠭᠡᠷ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠵᠦ᠂ 2023 ᠣᠨ ᠤ ᠴᠠᠭᠳᠠᠨ ᠪᠠᠶᠢᠴᠠᠭᠠᠬᠤ ᠰᠢᠯᠢᠳᠡᠭ ᠺᠠᠳ᠋ᠷ ᠪᠠ ᠰᠢᠯᠢᠳᠡᠭ ᠴᠠᠭᠳᠠᠨ ᠪᠠᠶᠢᠴᠠᠭᠠᠬᠤ ᠳᠤᠭᠤᠶᠢᠯᠠᠩ ᠤᠨ ᠮᠡᠳᠡᠭᠡ ᠵᠠᠩᠭᠢᠴᠢ ᠶᠢ ᠬᠥᠬᠢᠭᠦᠯᠦᠨ ᠰᠠᠶᠢᠰᠢᠶᠠᠪᠠ᠃          ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ  ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠶᠢ ᠴᠢᠩᠭ᠎ᠠ ᠡᠵᠡᠮᠳᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠪᠣᠯᠤᠨ ᠵᠠᠩᠭᠢᠯᠠᠭ᠎ᠠ ᠶᠢᠨ ᠴᠥᠭᠡᠨ ᠲᠣᠭᠠᠲᠠᠨ  ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠣᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠴᠢᠩᠭ᠎ᠠ ᠲᠦᠰᠢᠭᠯᠡᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠠᠵᠢᠯ ᠢᠶᠠᠨ ᠥᠷᠨᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠬᠠᠮᠲᠤ ᠪᠠᠷ ᠬᠠᠷᠢᠭᠤᠯᠲᠠ ᠥᠭᠴᠦ᠂ ᠵᠡᠷᠭᠡ ᠪᠠᠷ ᠬᠦᠴᠦᠯᠡᠬᠦ ᠬᠡᠷᠡᠭᠲᠡᠢ ᠬᠡᠵᠣ ᠴᠢᠬᠤᠯᠠᠴᠢᠯᠠᠪᠠ᠃
640 (1).jpg
        ᠣᠶᠢᠯᠠᠭᠠᠭᠰᠠᠨ ᠢᠶᠠᠷ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ︽ᠬᠢᠶ᠎ᠠ ᠪᠠᠭᠰᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 - 2026 ᠣᠨ︶︾ ᠶᠢᠨ ᠶᠣᠰᠣᠭᠠᠷ᠂ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠴᠠᠭ ᠪᠣᠯ 2024 ᠣᠨ ᠤ 3 ᠰᠠᠷ᠎ᠠ ᠶᠢᠨ 18 ᠤ ᠡᠳᠦᠷ ᠠᠴᠠ 6 ᠰᠠᠷ᠎ᠠ ᠶᠢᠨ 16 ᠤ ᠡᠳᠦᠷ ᠪᠣᠯᠲᠠᠯ᠎ᠠ ᠶᠠᠪᠤᠭᠳᠠᠨ᠎ᠠ᠃        ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ  ᠨᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠶ᠎ᠠ ᠪᠠᠭᠰᠢ ᠲᠣᠭᠤᠷᠢᠭ ᠤᠨ ᠬᠤᠷᠢᠶ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠪᠢᠨ ᠾᠧ ᠵᠡᠭᠡᠯᠢ ᠭᠤᠳᠤᠮᠵᠢ᠂ ᠺᠠᠩ ᠴᠧᠩ ᠨᠡᠶᠢᠭᠡᠮ ᠲᠣᠭᠤᠷᠢᠭ᠂ ᠨᠢᠩ ᠰᠢᠨ ᠨᠡᠶᠢᠭᠡᠮ ᠲᠣᠭᠤᠷᠢᠭ᠂ ᠰᠢᠩ ᠸᠠᠩ ᠨᠡᠶᠢᠭᠡᠮ ᠲᠣᠭᠤᠷᠢᠭ᠂ ᠬᠥᠬᠡ ᠲᠠᠯ᠎ᠠ ᠨᠡᠶᠢᠭᠡᠮ ᠲᠣᠭᠤᠷᠢᠭ  ᠵᠡᠷᠭᠡ 12 ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠦᠨᠳᠦᠰᠦᠨ ᠱᠠᠲᠤᠨ ᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠵᠡᠷᠭᠡ 4 ᠲᠠᠯ᠎ᠠ ᠶᠢᠨ ᠪᠠᠶᠢᠳᠠᠯ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠨ᠎ᠠ᠃    
ᠢᠷᠡᠯᠲᠡ᠄ ᠲᠣᠰ ᠰᠥᠯᠵᠢᠶ᠎ᠡ