ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/19
          ᠲᠥᠪ ᠤᠨ ᠷᠠᠳᠢᠣ᠋ ᠲᠧᠯᠸᠢᠰ ᠤᠨ ᠶᠡᠷᠦᠩᠬᠡᠢ  ᠬᠤᠷᠢᠶᠠᠨ  ᠤ  ︽3  ᠰᠠᠷ᠎ᠠ  ᠶᠢᠨ  15︾  ᠤ  ᠦᠳᠡᠰᠢᠯᠡᠭᠡ  ᠳᠤ ᠢᠯᠡᠴᠢᠯᠡᠭᠰᠡᠨ ᠬᠡᠷᠡᠭᠯᠡᠭᠴᠢᠳ ᠤᠨ ᠡᠷᠬᠡ ᠠᠰᠢᠭ ᠢ ᠬᠤᠬᠢᠷᠠᠭᠤᠯᠤᠭᠰᠠᠨ ᠣᠯᠠᠨ ᠬᠡᠷᠡᠭ ᠲᠤ ᠴᠢᠭᠯᠡᠭᠦᠯᠦᠨ ᠵᠠᠬ᠎ᠠ  ᠳᠡᠯᠭᠡᠭᠦᠷ  ᠲᠥ‌‍ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠭᠠᠵᠠᠷ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠲᠣᠪᠴᠢᠶ᠎ᠠ  ᠳᠠᠷᠤᠶᠢᠬᠠᠨ ᠬᠥᠳᠡᠯᠦᠯᠴᠡᠨ  ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠥᠪᠡᠷ ᠥᠪᠡᠷᠰᠡᠳ ᠤᠨ ᠬᠠᠮᠢᠶᠠᠷᠤᠯᠲᠠ ᠶᠢᠨ ᠴᠠᠷ ᠬᠦᠷᠢᠶᠡᠨ  ᠳᠤ ᠣᠷᠣᠰᠢᠵᠤ ᠪᠠᠶᠢᠭ᠎ᠠ ᠬᠠᠤᠯᠢ ᠶᠢ ᠵᠥᠷᠢᠴᠡᠭᠰᠡᠨ ᠠᠵᠢᠯᠯᠠᠭ᠎ᠠ ᠨᠤᠭᠤᠳ ᠢ ᠬᠠᠷᠭᠤᠭᠤᠯᠤᠨ ᠪᠠᠶᠢᠴᠠᠭᠠᠨ ᠰᠢᠢᠳᠪᠦᠷᠢᠯᠡᠵᠦ ᠪᠠᠶᠢᠨ᠎ᠠ᠃           ᠣᠳᠣ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠪᠠ  ᠳᠣᠲᠣᠭᠠᠳᠤ  ᠶᠢ  ᠬᠠᠮᠠᠭᠠᠯᠠᠬᠤ  ᠵᠡᠷᠭᠡ  ᠰᠠᠯᠠᠭ᠎ᠠ ᠮᠥᠴᠢᠷ ᠬᠡᠷᠡᠭ ᠲᠤ ᠬᠤᠯᠪᠣᠭᠳᠠᠭᠰᠠᠨ ᠡᠳᠡᠭᠡᠷ ᠠᠵᠤ ᠠᠬᠤᠶᠢᠯᠠᠯ ᠢ ᠭᠦᠨᠵᠡᠭᠡᠢ ᠪᠠᠶᠢᠴᠠᠭᠠᠵᠤ ᠪᠠᠶᠢᠨ᠎ᠠ᠃ ᠳᠠᠷᠠᠭ᠎ᠠ ᠠᠯᠬᠤᠮ ᠳᠤ᠂ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ᠂ ᠬᠠᠮᠢᠶᠠᠲᠠᠢ ᠭᠠᠵᠠᠷ ᠤᠨ ᠵᠠᠬ᠎ᠠ  ᠳᠡᠯᠭᠡᠭᠦᠷ  ᠲᠥ‌‍ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ ᠮᠥᠴᠢᠷ  ᠢ  ᠱᠠᠭᠠᠷᠳᠠᠨ  ︽3  ᠰᠠᠷ᠎ᠠ  ᠶᠢᠨ  15︾  ᠤ  ᠦᠳᠡᠰᠢᠯᠡᠭᠡ ᠳᠡᠭᠡᠷ᠎ᠡ ᠢᠯᠡᠴᠢᠯᠡᠭᠰᠡᠨ ᠬᠠᠤᠯᠢ ᠪᠤᠰᠤ ᠠᠵᠢᠯᠯᠠᠭ᠎ᠠ ᠶᠢ ᠲᠤᠶᠢᠯᠪᠤᠷᠢᠲᠠᠢ ᠪᠠᠶᠢᠴᠠᠭᠠᠵᠤ᠂ ᠴᠢᠩᠭ᠎ᠠ ᠴᠣᠬᠢᠯᠲᠠ ᠥᠭᠬᠦ᠂  ᠬᠡᠷᠡᠭᠯᠡᠭᠴᠢᠳ  ‍ᠥᠨ‌ᠡᠷᠬᠡ ᠠᠰᠢᠭ ᠢ ᠬᠠᠮᠠᠭᠠᠯᠠᠬᠤ᠂ ᠮᠢᠬᠠᠨ ᠤ ᠪᠦᠲᠦᠭᠡᠭᠳᠡᠬᠦᠨ ᠢ ᠬᠠᠤᠯᠢ  ᠪᠤᠰᠤ  ᠪᠠᠷ  ᠦᠢᠯᠡᠳᠪᠦᠷᠢᠯᠡᠨ  ᠪᠣᠷᠣᠯᠠᠭᠤᠯᠬᠤ  ᠶᠠᠯᠠᠲᠤ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠵᠡᠷᠭᠡ ᠲᠤᠰᠬᠠᠢ ᠲᠥᠷᠥᠯ ᠤᠨ ᠠᠵᠢᠯᠯᠠᠭ᠎ᠠ  ᠶᠢ  ᠭᠦᠨᠵᠡᠭᠡᠢ  ᠥᠷᠨᠢᠭᠦᠯᠵᠦ᠂ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠪᠠᠷ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ