ᠬᠥᠯᠥᠰᠦ ᠣᠯᠭᠤᠮᠵᠢ ᠥᠭᠬᠦ᠂ ᠠᠵᠢᠯᠯᠠᠵᠤ ᠠᠮᠠᠷᠠᠬᠤ ᠵᠡᠷᠭᠡ ᠠᠰᠠᠭᠤᠳᠠᠯ ᠳᠤ ᠴᠢᠭᠯᠡᠭᠦᠯᠦᠭᠰᠡᠨ ᠵᠢᠯᠣᠭᠤᠳᠤᠮᠵᠢ ᠵᠦᠭᠯᠡᠭᠦᠷ ᠭᠠᠷᠭᠠᠪᠠ – ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠨᠠᠩ ᠰᠠᠶᠢᠲᠤᠷ ᠪᠠᠲᠤᠯᠠᠨ᠎ᠠ
ᠨᠡᠶᠢᠲᠡᠯᠡᠭᠰᠡᠨ ᠴᠠᠭ᠄
2024/3/20
      ᠣᠶᠢᠷ᠎ᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠠᠮᠠᠷᠠᠯᠲᠠ ᠪᠠ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠳᠦᠷᠢᠮ ᠢ ᠵᠠᠷᠯᠠᠨ ᠨᠡᠶᠢᠲᠡᠯᠡᠬᠦ ᠵᠢᠯᠣᠭᠤᠳᠤᠮᠵᠢ︾ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠪᠡ᠃ ᠰᠢᠤᠳᠠᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠤ ᠵᠢᠯᠣᠭᠤᠴᠢ᠂ ᠭᠡᠷ ᠠᠬᠤᠢ ᠶᠢᠨ ᠦᠢᠯᠡᠴᠢᠯᠡᠭᠴᠢ ᠵᠡᠷᠭᠡ ᠠᠵᠢᠯ ᠤᠨ ᠬᠥᠯᠥᠰᠦ ᠣᠯᠭᠤᠮᠵᠢ ᠥᠭᠬᠦ᠂ ᠠᠵᠢᠯᠯᠠᠵᠤ ᠠᠮᠠᠷᠠᠬᠤ᠂ ᠬᠥᠳᠡᠯᠮᠦᠷᠢ ᠶᠢᠨ ᠵᠢᠭᠤᠷᠠᠯᠳᠤᠭᠠᠨ ᠵᠡᠷᠭᠡ ᠠᠰᠠᠭᠤᠳᠠᠯ ᠤᠳ ᠢ ᠪᠣᠳᠠᠲᠠᠢ ᠵᠢᠯᠣᠭᠤᠳᠤᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠠᠵᠢᠯᠴᠢᠨ ᠬᠡᠷᠡᠭᠯᠡᠬᠦ ᠶᠢ ᠨᠠᠩ ᠰᠠᠶᠢᠲᠤᠷ ᠬᠠᠪᠰᠤᠷᠴᠤ᠂ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠪᠣᠯᠣᠨ᠎ᠠ᠃      ᠣᠶᠢᠷ᠎ᠠ ᠶᠢᠨ ᠬᠡᠳᠦᠨ ᠵᠢᠯ ᠤᠳ ᠲᠤ᠂ ᠲᠠᠪᠴᠠᠩ ᠤᠨ ᠠᠵᠤ ᠠᠬᠤᠢ ᠦᠳᠲᠡᠷ ᠲᠦᠷᠭᠡᠨ ᠬᠥᠭᠵᠢᠵᠦ᠂ ᠶᠡᠭᠡ ᠬᠡᠮᠵᠢᠶᠡᠨ ᠤ ᠠᠵᠢᠯ ᠣᠯᠬᠤ ᠲᠣᠬᠢᠶᠠᠯ ᠢ ᠡᠭᠦᠳᠴᠦ᠂ ᠢᠨᠲ᠋ᠧᠷ ᠰᠦᠯᠵᠢᠶᠡᠨ ᠲᠠᠪᠴᠠᠩ ᠳᠤ ᠨᠡᠶᠢᠲᠡᠯᠡᠭᠰᠡᠨ ᠲᠣᠬᠢᠷᠠᠭᠤᠯᠤᠨ ᠬᠦᠷᠭᠡᠬᠦ᠂ ᠶᠠᠪᠤᠵᠤ ᠰᠠᠭᠤᠬᠤ᠂ ᠲᠡᠭᠡᠭᠡᠪᠦᠷᠢᠯᠡᠬᠦ᠂ ᠭᠡᠷ ᠠᠬᠤᠢ ᠶᠢᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠠᠴᠠ ᠭᠥᠯᠢᠶᠡᠨ ᠠᠪᠤᠭᠰᠠᠨ ᠬᠥᠳᠡᠯᠮᠦᠷᠢᠴᠢᠳ ᠤᠨ ᠡᠷᠬᠡ ᠠᠰᠢᠭ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠲᠠᠪᠴᠠᠩ ᠤᠨ ᠠᠵᠤ ᠠᠬᠤᠶᠢᠯᠠᠯ ᠤᠳ ᠨᠢ ᠡᠶᠢᠮᠦᠷᠬᠦᠦ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠲᠤ ᠤᠯᠠᠨ ᠵᠦᠢᠯ ᠤᠨ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠠᠭᠪᠤᠷ ᠲᠠᠢ ᠪᠠᠶᠢᠳᠠᠭ᠃ ᠵᠢᠱᠢᠶᠡᠯᠡᠪᠡᠯ᠂ ᠵᠠᠬᠢᠶᠠᠯᠠᠭ᠎ᠠ ᠬᠦᠷᠭᠡᠬᠦ ᠠᠵᠢᠯᠴᠢᠨ ᠬᠡᠷᠡᠭᠯᠡᠬᠦ ᠵᠠᠭᠪᠤᠷ ᠲᠤ ᠲᠤᠰᠬᠠᠢ ᠤᠨᠤᠭᠠᠴᠢᠨ᠂ ᠨᠡᠶᠢᠲᠡ ᠶᠢᠨ ᠳᠠᠭᠠᠭᠠᠴᠢᠯᠠᠯᠲᠠ ᠶᠢᠨ ᠤᠨᠤᠭᠠᠴᠢᠨ ᠭᠡᠵᠦ ᠪᠣᠶ᠂ ᠰᠦᠯᠵᠢᠶ᠎ᠡ ᠪᠠᠷ ᠮᠠᠰᠢᠨ ᠪᠣᠯᠵᠣᠬᠤ ᠠᠵᠢᠯᠴᠢᠨ ᠬᠡᠷᠡᠭᠯᠡᠬᠦ ᠵᠠᠭᠪᠤᠷ ᠲᠤ C2C ᠵᠠᠭᠪᠤᠷ᠂ B2C ᠵᠠᠭᠪᠤᠷ ᠪᠠ ᠴᠤᠭᠯᠠᠷᠠᠯ ᠤᠨ ᠵᠠᠭᠪᠤᠷ ᠭᠡᠵᠦ ᠪᠣᠶ᠃ ᠠᠵᠢᠯᠴᠢᠨ ᠬᠡᠷᠡᠭᠯᠡᠬᠦ ᠠᠳᠠᠯᠢ ᠪᠤᠰᠤ ᠵᠠᠭᠪᠤᠷ ᠨᠢ ᠤᠯᠠᠮᠵᠢᠯᠠᠯᠲᠤ ᠠᠵᠢᠯᠴᠢᠨ ᠬᠡᠷᠡᠭᠯᠡᠬᠦ ᠬᠠᠮᠢᠶᠠᠷᠤᠯᠲᠠ᠂ ᠠᠵᠢᠯ ᠣᠯᠣᠯᠲᠠ ᠶᠢᠨ ᠦᠢᠯᠡᠴᠢᠯᠡᠭᠡ᠂ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠲᠤ ᠰᠢᠨ᠎ᠡ ᠥᠷᠢᠰᠦᠯᠳᠦᠭᠡᠨ ᠢ ᠳᠤᠷᠠᠳᠤᠭᠰᠠᠨ ᠪᠠᠶᠢᠨ᠎ᠠ᠃ ᠡᠭᠦᠨ ᠳᠤ᠂ ᠠᠵᠢᠯᠯᠠᠬᠤ ᠴᠠᠭ ᠨᠢ ᠬᠡᠲᠦ ᠣᠷᠳᠣ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠯᠡᠭᠰᠡᠨ ᠨᠢ ᠲᠣᠳᠣ ᠦᠭᠡᠢ᠂ ᠲᠠᠪᠴᠠᠩ ᠤᠨ ᠳᠦᠷᠢᠮ ᠢ ᠲᠣᠭᠲᠠᠭᠠᠭᠰᠠᠨ ᠨᠢ ᠢᠯᠡ ᠪᠤᠰᠤ᠂ ᠡᠷᠬᠡ ᠪᠠᠨ ᠬᠠᠮᠠᠭᠠᠯᠠᠬᠤ ᠳᠤ ᠬᠦᠴᠢᠷᠳᠡᠯ ᠶᠡᠭᠡ ᠵᠡᠷᠭᠡ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠤᠰᠬᠠᠯ ᠨᠡᠯᠢᠶᠡᠳ ᠲᠣᠪᠣᠶᠢᠮ᠎ᠠ ᠪᠠᠶᠢᠨ᠎ᠠ᠃       2021 ᠣᠨ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠰᠠ ᠵᠠᠬᠢᠶᠠᠯᠠᠭ᠎ᠠ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠤ ᠵᠢᠯᠣᠭᠤᠴᠢ ᠵᠡᠷᠭᠡ ᠭᠤᠣᠯᠳᠠᠯᠭ᠎ᠠ ᠲᠠᠢ ᠬᠥᠮᠥᠰ ᠲᠤ ᠬᠠᠨᠳᠤᠭᠤᠯᠤᠭᠰᠠᠨ ᠲᠤᠰᠬᠠᠢ ᠡᠷᠬᠡ ᠠᠰᠢᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠣᠯᠠᠨᠲᠠ ᠨᠡᠶᠢᠲᠡᠯᠡᠭᠰᠡᠨ ᠪᠠᠶᠢᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠳᠡᠯᠮᠦᠷᠢ ᠶᠢᠨ ᠬᠠᠷᠢᠴᠠᠭᠠᠨ ᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠲᠡᠭᠡᠷ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠵᠤ᠂ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠳᠦᠷᠢᠮ ᠤᠨ ᠲᠣᠭᠲᠠᠴᠠ ᠳᠤ ᠰᠢᠨ᠎ᠡ ᠶᠢ ᠡᠭᠦᠳᠪᠡ᠃ ᠭᠡᠲᠡᠯ᠎ᠡ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠬᠤ ᠶᠠᠪᠤᠴᠠ ᠳᠤ᠂ ᠠᠵᠤ ᠠᠬᠤᠶᠢᠯᠠᠯ ᠤᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ ᠬᠡᠷᠡᠭᠵᠢᠭᠦᠯᠬᠦᠶᠢᠴᠡ ᠴᠢᠨᠠᠷ ᠢᠶᠠᠷ ᠳᠤᠲᠠᠮᠠᠭ ᠪᠠᠶᠢᠵᠤ᠂ ᠨᠠᠩ ᠪᠣᠳᠠᠲᠠᠢ ᠬᠡᠷᠡᠭᠵᠢᠭᠦᠯᠬᠦ ᠠᠷᠭ᠎ᠠ ᠲᠣᠭᠲᠠᠭᠠᠵᠤ᠂ ᠣᠨᠣᠪᠴᠢᠲᠠᠶ ᠣᠶᠢᠯᠠᠭᠠᠬᠤ ᠪᠠ ᠪᠥᠬᠦ ᠲᠠᠯ᠎ᠠ ᠪᠠᠷ ᠬᠡᠷᠡᠭᠵᠢᠭᠦᠯᠬᠦ ᠳᠤ ᠳᠥᠭᠦᠮᠯᠡᠬᠦ ᠶᠢ ᠬᠦᠰᠡᠵᠦ ᠪᠠᠶᠢᠨ᠎ᠠ ᠭᠡᠵᠦ ᠲᠤᠰᠬᠠᠵᠠᠢ ᠭᠡᠪᠡ᠃       ᠰᠢᠨ᠎ᠡ ᠲᠣᠭᠲᠠᠭᠠᠯ ᠳᠤ ᠬᠥᠮᠥᠰ ᠤᠨ ᠠᠩᠬᠠᠷᠤᠯ ᠢ ᠲᠠᠲᠠᠭᠰᠠᠨ ᠨᠢᠭᠡ ᠬᠤᠪᠢᠷᠠᠯᠲᠠ ᠭᠡᠪᠡᠯ᠂ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠠᠵᠢᠯᠯᠠᠬᠤ ᠴᠠᠭ ᠢ ᠪᠤᠳᠤᠬᠤ ᠠᠷᠭ᠎ᠠ ᠪᠠ ᠠᠮᠠᠷᠠᠬᠤ ᠠᠷᠭ᠎ᠠ ᠶᠢ ᠳᠤᠷᠠᠳᠴᠠᠢ᠃ ᠲᠤᠬᠠᠶᠢᠯᠠᠪᠠᠯ ᠠᠵᠢᠯᠯᠠᠬᠤ ᠴᠠᠭ ᠨᠢ ᠳᠡᠭᠡᠳᠦ ᠬᠢᠵᠠᠭᠠᠷ ᠲᠤ ᠪᠠᠨ ᠬᠥᠷᠪᠡᠯ᠂ ᠲᠠᠪᠴᠠᠩ ᠠᠴᠠ ᠵᠠᠬᠢᠶᠠᠯᠠᠭ᠎ᠠ ᠳᠠᠭᠠᠭᠠᠯᠭᠠᠬᠤ ᠪᠠᠨ ᠵᠣᠭᠰᠣᠬᠤ ᠬᠡᠷᠡᠭᠲᠡᠢ᠃ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠠᠮᠠᠷᠠᠯᠲᠠ ᠪᠠ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾ ᠳᠤ᠂ ᠲᠠᠪᠴᠠᠩ ᠤᠨ ᠠᠵᠤ ᠠᠬᠤᠶᠢᠯᠠᠯ ᠨᠢ ᠠᠵᠢᠯᠴᠢᠨ ᠤ ᠡᠪᠯᠡᠯ ᠪᠤᠶᠤ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠲᠥᠯᠥᠭᠡᠯᠡᠭᠴᠢ ᠲᠠᠢ ᠵᠥᠪᠳᠡᠯᠴᠡᠵᠦ᠂ ᠬᠥᠳᠡᠯᠮᠦᠷᠢᠴᠢᠳ ᠤᠨ ᠵᠠᠯᠭᠠᠭ᠎ᠠ ᠪᠠᠷ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ ᠴᠠᠭ ᠪᠠ ᠡᠳᠦᠷ ᠪᠦᠷᠢ ᠶᠢᠨ ᠬᠠᠮᠤᠭ ᠣᠷᠳᠣ ᠠᠵᠢᠯᠯᠠᠬᠤ ᠴᠠᠭ ᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠬᠥᠳᠡᠯᠮᠦᠷᠢᠴᠢᠳ ᠤᠨ ᠠᠵᠢᠯᠯᠠᠬᠤ ᠴᠠᠭ ᠨᠢ ᠳᠡᠭᠡᠳᠦ ᠬᠢᠵᠠᠭᠠᠷ ᠲᠤ ᠪᠠᠨ ᠬᠥᠷᠪᠡᠯ᠂ ᠰᠢᠰᠲ᠋ᠧᠮ ᠠᠴᠠ ᠠᠮᠠᠷᠠᠬᠤ ᠰᠠᠨᠠᠭᠤᠯᠤᠮᠵᠢ ᠥᠭᠬᠦ ᠶᠢᠨ ᠬᠠᠮᠲᠤ ᠵᠠᠬᠢᠶᠠᠯᠠᠭ᠎ᠠ ᠥᠭᠬᠦ ᠪᠠᠨ ᠬᠡᠰᠡᠭ ᠬᠤᠭᠤᠴᠠᠭ᠎ᠠ ᠵᠣᠭᠰᠣᠵᠤ᠂ ᠬᠥᠳᠡᠯᠮᠦᠷᠢᠴᠢᠳ ᠤᠨ ᠴᠢᠬᠤᠯᠠ ᠪᠦᠬᠦᠢ ᠠᠮᠠᠷᠠᠬᠤ ᠴᠠᠭ ᠣᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠵᠠᠢ᠃      ᠨᠥᠭᠦᠭᠡ ᠨᠢᠭᠡ ᠡᠷᠬᠡ ᠠᠰᠢᠭ ᠨᠢ ᠭᠡᠪᠡᠯ᠂ ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠨ ᠳᠤ ᠲᠡᠭᠦᠨ ᠤ ᠪᠣᠳᠠᠲᠠᠢ ᠠᠵᠢᠯᠯᠠᠵᠤ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠠᠭ ᠪᠦᠷᠢ ᠶᠢᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠯᠡᠨ᠎ᠡ᠃ ᠡᠭᠦᠨ ᠤ ᠬᠠᠮᠲᠤ᠂ ᠮᠠᠰᠢ ᠣᠯᠠᠨ ᠬᠦᠷᠭᠡᠭᠴᠢ ᠶᠢᠨ ᠳᠤᠷᠠᠳᠤᠭᠰᠠᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠦᠷᠭᠦᠯᠵᠢᠯᠡᠨ ᠠᠵᠢᠯᠯᠠᠪᠠᠯ ᠨᠡᠮᠡᠵᠦ ᠠᠵᠢᠯᠯᠠᠭᠰᠠᠨ ᠮᠥᠩᠭᠦ ᠣᠯᠵᠤ ᠳᠡᠶᠢᠯᠬᠦ ᠡᠰᠡᠬᠦ ᠠᠰᠠᠭᠤᠳᠠᠯ ᠳᠤ ᠴᠢᠭᠯᠡᠭᠦᠯᠦᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠠᠵᠢᠯᠯᠠᠵᠤ ᠪᠠᠶᠢᠭ᠎ᠠ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠨᠢ ᠬᠡᠪ ᠤᠨ ᠠᠵᠢᠯᠯᠠᠬᠤ ᠴᠠᠭ ᠤᠨ ᠬᠥᠳᠡᠯᠮᠦᠷᠢ ᠶᠢᠨ ᠬᠥᠯᠥᠰᠦ ᠣᠯᠭᠤᠮᠵᠢ ᠠᠴᠠ ᠥᠨᠳᠥᠷ ᠪᠠᠶᠢᠬᠤ ᠬᠡᠷᠡᠭᠲᠡᠢ᠂ ᠠᠵᠤ ᠠᠬᠤᠶᠢᠯᠠᠯ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠨ ᠬᠤᠪᠢ ᠬᠥᠮᠥᠨ ᠳᠤ ᠴᠠᠭ ᠲᠤᠬᠠᠢ ᠳᠤ ᠨᠢ ᠲᠤᠭ᠎ᠠ ᠶᠣᠰᠣᠭᠠᠷ ᠥᠭᠬᠦ ᠬᠡᠷᠡᠭᠲᠡᠢ ᠭᠡᠵᠦ ᠰᠢᠨ᠎ᠡ ᠲᠣᠭᠲᠠᠭᠠᠯ ᠳᠤ ᠲᠣᠳᠣᠷᠬᠠᠶᠢᠯᠠᠵᠠᠢ᠃       ᠨᠡᠶᠢᠰᠯᠡᠯ ᠤᠨ ᠠᠵᠤ ᠠᠬᠤᠢ ᠠᠷᠠᠯᠵᠢᠶᠠᠨ ᠤ ᠶᠡᠭᠡ ᠰᠤᠷᠭᠠᠭᠤᠯᠢ ᠶᠢᠨ ᠬᠥᠳᠡᠯᠮᠦᠷᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠂ ᠳᠤᠮᠳᠠᠳᠤ ᠤᠯᠤᠰ ᠤᠨ ᠰᠢᠨ᠎ᠡ ᠬᠡᠯᠪᠡᠷᠢ ᠪᠠᠷ ᠠᠵᠢᠯ ᠣᠯᠭᠤᠬᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᠴᠧᠩ ᠭᠠᠩ᠄ ︽︿ᠬᠤᠶᠠᠷ ᠵᠢᠯᠣᠭᠤᠳᠤᠮᠵᠢ ᠨᠢᠭᠡ ᠵᠦᠭᠯᠡᠭᠦᠷ﹀ ᠢ ᠨᠡᠶᠢᠲᠡᠯᠡᠭᠰᠡᠨ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ᠂ ᠬᠥᠳᠡᠯᠮᠦᠷᠢ ᠶᠢᠨ ᠨᠥᠬᠦᠴᠡᠯ ᠤᠨ ᠡᠷᠬᠡ᠂ ᠬᠥᠳᠡᠯᠮᠦᠷᠢ ᠶᠢᠨ ᠲᠡᠳᠬᠦᠮᠵᠢ ᠶᠢᠨ ᠡᠷᠬᠡ ᠵᠡᠷᠭᠡ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢ ᠴᠢᠨᠠᠭᠰᠢᠳᠠ ᠤᠯᠠᠮ ᠨᠠᠷᠢᠯᠢᠭᠵᠢᠭᠤᠯᠤᠭᠰᠠᠨ ᠶᠠᠪᠤᠳᠠᠯ ᠪᠣᠯᠣᠨ᠎ᠠ᠃ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠶᠢᠨ ᠪᠠᠲᠤᠯᠠᠭ᠎ᠠ ᠳᠤ ᠨᠠᠭᠠᠲᠤ ᠵᠠᠬ᠎ᠠ ᠶᠢᠨ ᠴᠠᠯᠢᠩ ᠤᠨ ᠪᠠᠲᠤᠯᠠᠭ᠎ᠠ ᠵᠢᠴᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠥᠨᠳᠥᠷ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ ᠴᠢᠬᠤᠯᠠᠴᠢᠯᠠᠪᠠ︔ ᠠᠮᠠᠷᠠᠯᠲᠠ ᠪᠠ ᠴᠢᠯᠦᠭᠡᠨ ᠤ ᠡᠷᠬᠡ ᠶᠢᠨ ᠪᠠᠲᠤᠯᠠᠭ᠎ᠠ ᠨᠢ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ ᠴᠠᠭ ᠪᠠ ᠬᠠᠮᠤᠭ ᠣᠷᠳᠣ ᠠᠵᠢᠯᠯᠠᠭᠰᠠᠨ ᠴᠠᠭ ᠢ ᠴᠢᠬᠤᠯᠠᠴᠢᠯᠠᠬᠤ ᠶᠢᠨ ᠬᠠᠮᠲᠤ ᠠᠵᠢᠯᠯᠠᠭᠰᠠᠨ ᠴᠠᠭ ᠢ ᠪᠤᠳᠤᠬᠤ ᠠᠷᠭ᠎ᠠ ᠶᠢ ᠳᠤᠷᠠᠳᠪᠠ︔ ᠬᠥᠳᠡᠯᠮᠦᠷᠢ ᠶᠢᠨ ᠲᠡᠳᠬᠦᠮᠵᠢ ᠶᠢᠨ ᠡᠷᠬᠡ ᠶᠢ ᠭᠤᠣᠯᠳᠠᠭᠤ ᠠᠵᠤ ᠠᠬᠤᠶᠢᠯᠠᠯ ᠤᠨ ᠳᠣᠲᠣᠭᠠᠳᠤ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ᠂ ᠠᠵᠢᠯᠲᠠᠨ ᠤ ᠡᠪᠯᠡᠯ ᠢᠶᠠᠷ ᠡᠷᠬᠡ ᠪᠠᠨ ᠬᠠᠮᠠᠭᠠᠯᠠᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠡᠷᠬᠡ ᠪᠠᠨ ᠬᠠᠮᠠᠭᠠᠯᠠᠬᠤ ᠵᠡᠷᠭᠡ ᠠᠷᠭ᠎ᠠ ᠵᠠᠮ ᠢᠶᠠᠷ ᠪᠠᠲᠤᠯᠠᠨ᠎ᠠ᠃︾ ᠭᠡᠵᠦ ᠢᠯᠡᠷᠬᠡᠶᠢᠯᠡᠪᠡ᠃       ᠡᠭᠦᠨ ᠠᠴᠠ ᠡᠮᠦᠨ᠎ᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠪᠠ ᠰᠤᠳᠤᠯᠤᠨ ᠶᠠᠷᠢᠯᠴᠠᠬᠤ ᠬᠤᠷᠠᠯ ᠢ ᠣᠯᠠᠨᠲᠠ ᠡᠷᠭᠢᠯᠡᠭᠰᠡᠨ ᠪᠥᠭᠡᠳ ᠬᠤᠯᠪᠣᠭᠳᠠᠯ ᠪᠦᠬᠦᠢ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠠᠮᠲᠤᠷᠠᠭᠰᠠᠨ ᠵᠢᠯᠣᠭᠤᠳᠤᠯᠭ᠎ᠠ ᠥᠷᠨᠢᠭᠦᠯᠦᠭᠰᠡᠨ ᠪᠠᠶᠢᠨ᠎ᠠ᠃ ᠵᠢᠯᠣᠭᠤᠳᠤᠮᠵᠢ᠂ ᠵᠦᠭᠯᠡᠭᠦᠷ ᠤᠨ ᠪᠣᠳᠠᠲᠠᠢ ᠠᠭᠤᠯᠭ᠎ᠠ ᠶᠢᠨ ᠪᠦᠷᠢᠯᠳᠦᠯ ᠨᠢ ᠠᠵᠤ ᠠᠬᠤᠶᠢᠯᠠᠯ᠂ ᠬᠥᠳᠡᠯᠮᠦᠷᠢᠴᠢᠨ᠂ ᠮᠡᠷᠭᠡᠵᠢᠯᠲᠡᠨ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠪᠠ ᠭᠠᠵᠠᠷ ᠣᠷᠣᠨ ᠤ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ︽ᠬᠤᠶᠠᠷ ᠢ ᠬᠠᠮᠠᠭᠠᠯᠠᠬᠤ︾ ᠣᠶᠢᠯᠠᠭᠠᠭᠳᠠᠬᠤᠨ ᠢ ᠢᠯᠡᠷᠡᠭᠦᠯᠦᠭᠰᠡᠨ ᠪᠠᠶᠢᠨ᠎ᠠ᠃       ᠵᠠᠩ ᠴᠧᠩ ᠭᠠᠩ ᠤᠨ ᠦᠵᠡᠬᠦ ᠪᠠᠷ᠂ ︽ᠬᠤᠶᠠᠷ ᠵᠢᠯᠣᠭᠤᠳᠤᠮᠵᠢ ᠨᠢᠭᠡ ᠵᠦᠭᠯᠡᠭᠦᠷ︾ ᠢ ᠨᠡᠶᠢᠲᠡᠯᠡᠭᠰᠡᠨ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠨ ᠠᠵᠢᠯᠯᠠᠭᠰᠠᠳ ᠪᠠ ᠲᠠᠪᠴᠠᠩ ᠤᠨ ᠠᠵᠤ ᠠᠬᠤᠶᠢᠯᠠᠯ ᠤᠳ ᠤᠨ ᠬᠤᠯᠪᠣᠭᠳᠠᠯ ᠪᠦᠬᠦᠢ ᠬᠥᠳᠡᠯᠮᠦᠷᠢ ᠶᠢᠨ ᠡᠷᠬᠡ ᠠᠰᠢᠭ ᠤᠨ ᠳᠤᠮᠳᠠᠬᠢ ᠡᠷᠬᠡ ᠡᠭᠦᠷᠭᠡ ᠶᠢᠨ ᠬᠠᠷᠢᠴᠠᠭ᠎ᠠ ᠶᠢ ᠵᠣᠬᠢᠴᠠᠭᠤᠯᠬᠤ ᠳᠤ ᠠᠰᠢᠭᠲᠠᠢ ᠪᠠᠶᠢᠵᠤ᠂ ᠨᠢᠭᠡ ᠲᠠᠯ᠎ᠠ ᠪᠠᠷ ᠲᠠᠪᠴᠠᠩ ᠤᠨ ᠠᠵᠤ ᠠᠬᠤᠶᠢᠯᠠᠯ ᠤᠳ ᠤᠨ ᠠᠵᠢᠯᠴᠢᠨ ᠬᠡᠷᠡᠭᠯᠡᠬᠦ ᠳᠦᠷᠢᠮ ᠢ ᠲᠣᠭᠲᠠᠭᠠᠬᠤ ᠳᠤ ᠵᠢᠯᠣᠭᠤᠳᠤᠯᠭ᠎ᠠ ᠪᠣᠯᠵᠤ᠂ ᠨᠥᠭᠦᠭᠡ ᠲᠠᠯ᠎ᠠ ᠪᠠᠷ ᠪᠠᠰᠠ ᠠᠵᠢᠯᠯᠠᠭᠰᠠᠳ ᠤᠨ ᠵᠢᠱᠢᠯᠲᠡ ᠶᠢ ᠬᠥᠲᠥᠯᠥᠨ ᠵᠢᠯᠤᠭᠤᠳᠬᠤ ᠶᠢᠨ ᠬᠠᠮᠲᠤ ᠬᠥᠳᠡᠯᠮᠦᠷᠢ ᠶᠢᠨ ᠵᠢᠭᠤᠷᠠᠯᠳᠤᠭᠠᠨ ᠤ ᠲᠣᠭᠲᠠᠭᠠᠯᠲᠠ ᠳᠤ ᠪᠠᠷᠢᠮᠵᠢᠶ᠎ᠠ ᠬᠠᠩᠭᠠᠨ ᠥᠭᠴᠡᠢ᠃ ᠡᠲᠡᠭᠡᠷ ᠨᠢ ᠴᠥᠮ ᠠᠵᠢᠯᠯᠠᠭᠴᠢ ᠪᠠ ᠲᠠᠪᠴᠠᠩ ᠤᠨ ᠠᠵᠤ ᠠᠬᠤᠶᠢᠯᠠᠯ ᠤᠨ ᠬᠤᠭᠤᠷᠣᠨᠳᠣᠬᠢ ᠨᠠᠩ ᠡᠶ᠎ᠡ ᠵᠣᠬᠢᠴᠠᠯ ᠲᠠᠢ ᠠᠵᠢᠯᠴᠢᠨ ᠬᠡᠷᠡᠭᠯᠡᠬᠦ ᠬᠠᠷᠢᠴᠠᠭ᠎ᠠ ᠶᠢ ᠪᠦᠷᠢᠯᠳᠦᠭᠦᠯᠬᠦ ᠳᠤ ᠠᠰᠢᠭᠲᠠᠢ ᠶᠤᠮ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ