ᠬᠢᠶ᠎ᠠ ᠪᠠᠭᠰᠢ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ  ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪ᠊
ᠨᠡᠶᠢᠲᠡᠯᠡᠭᠰᠡᠨ ᠴᠠᠭ᠄
2024/3/22
      3  ᠳ᠋ᠤᠭᠠᠷ ᠰᠠᠷ᠎ᠠ ᠶᠢᠨ 21 ᠤ ᠡᠳᠦᠷ᠂ ᠬᠢᠶ᠎ᠠ ᠪᠠᠭᠰᠢ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ  ᠵᠠᠰᠠᠭ  ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ︽ᠱᠠᠯᠢᠭ ᠵᠤᠶᠢᠯ ᠢ ᠱᠦᠭᠦᠷᠳᠡᠨ ᠬᠠᠤᠯᠢ ᠪᠤᠰᠤ ᠬᠡᠪᠯᠡᠯ ᠢ ᠠᠷᠢᠯᠭᠠᠬᠤ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠰᠦᠯᠵᠢᠶᠡᠨ ᠤ ᠠᠮᠦᠷ ᠲᠦᠪᠰᠢᠨ ᠪᠠ ᠮᠡᠳᠡᠭᠡ  ᠵᠠᠩᠭᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠪᠣᠯᠣᠨ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ 2024 ᠣᠨ ᠤ ᠪᠦᠬᠦ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠣᠨ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃
640.jpg
      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠬᠠᠢ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠬᠤᠷᠠᠯ ᠠᠴᠠ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠬᠤ ᠪᠥᠭᠡᠳ ᠪᠠᠰᠠ ᠴᠤ ᠬᠢᠶ᠎ᠠ ᠪᠠᠭᠰᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠂ ᠣᠳᠣᠬᠠᠨ ᠤ ᠪᠦᠬᠦ  ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠡᠭᠦᠷᠭᠡ ᠶᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠶᠡᠭᠡ ᠲᠠᠯ᠎ᠠ ᠶᠢ ᠪᠠᠭᠲᠠᠭᠠᠵᠤ᠂ ᠶᠡᠭᠡ ᠬᠠᠨᠳᠤᠰᠢ ᠶᠢ ᠡᠵᠡᠮᠳᠡᠵᠦ᠂ ᠶᠡᠭᠡ ᠶᠠᠪᠤᠳᠠᠯ ᠢ ᠪᠣᠳᠣᠯᠬᠢᠯᠠᠵᠤ᠂ ᠠᠵᠢᠯ ᠤᠨ ᠭᠠᠷᠳᠠᠬᠤ ᠴᠡᠭ ᠪᠣᠯᠣᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠬᠦᠷᠢᠶᠡᠨ ᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠯᠬᠦᠮᠳᠡᠨ ᠲᠡᠮᠡᠴᠡᠬᠦ ᠶᠠᠷᠢᠶ᠎ᠠ ᠬᠡᠯᠡᠯᠴᠡᠭᠡᠨ ᠤ ᠰᠦᠷ ᠬᠦᠴᠦᠨ ᠢ ᠬᠦᠴᠦᠯᠡᠨ ᠪᠤᠵᠠᠭᠠᠶᠢᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠥᠷᠭᠡᠨ ᠢᠶᠠᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ  ᠨᠡᠷᠡᠲᠤ ᠲᠡᠮᠳᠡᠭ ᠤᠨ ᠪᠠᠶᠢᠭᠤᠯᠤᠯᠲᠠ ᠶᠢᠨ ᠬᠢᠶ᠎ᠠ ᠪᠠᠭᠰᠢ  ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠢᠮᠠᠭᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠣᠶᠢᠯᠠᠭᠠᠯᠴᠠᠨ ᠮᠡᠳᠡᠷᠡᠬᠦ ᠪᠠᠨ ᠭᠦᠨᠵᠡᠭᠡᠶᠢᠷᠡᠭᠦᠯᠬᠦ᠂ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠯᠤᠰ ᠲᠥᠷᠥ ᠶᠢ ᠡᠷᠬᠢᠮᠯᠡᠬᠦ ᠶᠠᠪᠤᠳᠠᠯ ᠢ ᠲᠡᠷᠢᠭᠦᠨ ᠱᠠᠭᠠᠷᠳᠠᠯᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷ᠎ᠡ ᠳ᠋ᠦᠩ ᠤᠨ ᠤᠳᠤᠷᠢᠳᠤᠮᠵᠢ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠺᠠᠳ᠋ᠷ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ︽ᠬᠠᠷᠢᠭᠤ ᠲᠠᠢ︾ ᠰᠡᠳᠬᠢᠬᠦᠢ᠂ ︽ᠰᠢᠯᠢᠳᠡᠭ ᠬᠠᠷᠢᠭᠤ ᠲᠠᠢ︾ ᠰᠡᠳᠬᠢᠬᠦᠢ ᠶᠢ ᠪᠠᠲᠤ ᠪᠤᠢ ᠪᠣᠯᠭᠠᠵᠤ᠂ ᠳᠡᠭᠡᠷ᠎ᠡ ᠳᠣᠣᠷ᠎ᠠ ᠨᠢ ᠨᠡᠪᠲᠡᠷᠡᠭᠰᠡᠨ᠂ ᠵᠡᠭᠦᠨ ᠪᠠᠷᠠᠭᠤᠨ ᠨᠢ ᠬᠠᠮᠵᠢᠯᠴᠠᠭᠰᠠᠨ᠂ ᠳᠣᠲᠣᠨ᠎ᠠ ᠭᠠᠳᠠᠨ᠎ᠠ ᠬᠤᠯᠪᠤᠭᠠᠯᠠᠨ ᠬᠥᠳᠡᠯᠦᠯᠴᠡᠭᠰᠡᠨ ᠶᠡᠭᠡ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ᠂ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠦᠲᠦᠭᠡᠨ ᠪᠠᠶᠢᠭᠤᠯᠬᠤ ᠶᠢᠨ ᠲᠥᠯᠥᠭᠡ᠂ ᠣᠳᠣᠬᠢᠴᠢᠯᠠᠭᠰᠠᠨ ᠬᠢᠶ᠎ᠠ ᠪᠠᠭᠰᠢ  ᠶᠢᠨ ᠪᠦᠲᠦᠭᠡᠨ ᠪᠠᠶᠢᠭᠤᠯᠤᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠳᠣᠰ ᠰᠦᠯᠵᠢᠶ᠎ᠡ