ᠪᠦᠬᠦ ᠤᠯᠤᠰ ᠤᠨ ᠲᠤᠷᠰᠢᠯᠲᠠ ᠶᠢᠨ  ᠲᠤᠭᠤᠷᠢᠭ  ᠢ  ᠡᠬᠢᠯᠡᠨ ᠪᠠᠶᠢᠭᠤᠯᠪᠠ︕ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠦᠨᠳᠦᠷ ᠤᠷᠬᠢᠯ ᠳᠤ ᠳᠠᠬᠢᠨᠲᠠ ᠠᠪᠠᠷᠢᠪᠠ︕
ᠨᠡᠶᠢᠲᠡᠯᠡᠭᠰᠡᠨ ᠴᠠᠭ᠄
2024/3/27
     3  ᠳ᠋ᠤᠭᠠᠷ ᠰᠠᠷ᠎ᠠ ᠶᠢᠨ 26 ᠤ ᠡᠳᠦᠷ᠂ ᠬᠢᠶ᠎ᠠ ᠪᠠᠭᠰᠢ ᠲᠣᠭᠤᠷᠢᠭ ᠤᠨ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃
640.jpg
     ᠲᠤᠰ ᠤᠳᠠᠭᠠᠨ ᠤ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠭᠰᠡᠨ ᠨᠢ᠂ ᠰᠢ ᠶᠢᠨ ᠫᠢᠩ ᠶᠡᠷᠦᠩᠬᠡᠢ ᠱᠦᠵᠢ  ᠶᠢᠨ ᠰᠤᠷᠭᠠᠨ ᠬᠥᠮᠦᠵᠢᠯ ᠤᠨ ︽ᠬᠤᠶᠠᠷ  ᠢ  ᠬᠦᠩᠭᠡᠷᠡᠭᠦᠯᠬᠦ︾ ᠳᠤᠮᠳᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠬᠦ ᠦᠢᠯᠡᠳᠦᠯ  ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ  ᠶᠢ ᠭᠦᠨᠵᠡᠭᠡᠢ   ᠲᠤᠭᠤᠰᠢᠯᠠᠭᠤᠯᠵᠤ ᠂ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠤᠨ ᠰᠠᠨᠠᠯ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ  ᠲᠤᠭᠤᠷᠢᠭ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯᠲᠠᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠪᠡᠷᠬᠡ ᠶᠢ ᠰᠢᠪᠲᠤᠯᠤᠨ ᠬᠦᠴᠢᠷ ᠢ ᠳᠠᠪᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢ ᠳᠠᠶᠢᠴᠢᠯᠠᠬᠤ  ᠲᠥᠯᠥᠭᠡ ᠶᠤᠮ᠃
640 (1).jpg
    ᠡᠬᠢᠯᠡᠯᠲᠡ ᠶᠢᠨ ᠶᠣᠰᠣᠯᠠᠯ ᠳᠡᠭᠡᠷ᠎ᠡ《 ᠠᠩᠬᠠᠳᠠᠭᠴᠢ ᠪᠦᠯᠦᠭ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠶᠢᠨ ᠨᠡᠷᠡᠰ ᠤᠨ ᠲᠤᠬᠠᠢ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ 》︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠲᠣᠭᠤᠷᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠤᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ︽ᠲᠤᠷᠰᠢᠯᠲᠠ ᠶᠢᠨ ᠲᠣᠭᠤᠷᠢᠭ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠶᠢ ᠨᠡᠶᠢᠲᠡᠯᠡᠬᠦ ᠲᠤᠬᠠᠢ ᠮᠡᠳᠡᠭᠳᠡᠯ︾ ︽ᠰᠢᠨᠵᠢᠯᠡᠬᠦ ᠤᠬᠠᠭᠠᠨ ᠤ  ᠰᠤᠷᠭᠠᠭᠤᠯᠢ ᠶᠢᠨ ᠳᠡᠳ᠋ ᠵᠠᠬᠢᠷᠤᠯ ᠵᠢᠴᠢ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠢ ᠤᠷᠢᠨ ᠲᠣᠮᠢᠯᠠᠬᠤ ᠲᠤᠬᠠᠢ ᠮᠡᠳᠡᠭᠳᠡᠯ︾ ︽ᠰᠢᠨᠵᠢᠯᠡᠬᠦ ᠤᠬᠠᠭᠠᠨ ᠤ ᠰᠢᠯᠢᠳᠡᠭ ᠪᠠᠭᠰᠢ ᠵᠢᠴᠢ ᠵᠢᠵᠢᠭ ᠰᠢᠨᠵᠢᠯᠡᠬᠦ ᠤᠬᠠᠭᠠᠨᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠮᠡᠳᠡᠭᠳᠡᠯ︾ ︽ᠰᠢᠯᠢᠳᠡᠭ ᠰᠢᠨᠵᠢᠯᠡᠬᠦ ᠤᠬᠠᠭᠠᠨ ᠤ ᠪᠠᠭᠰᠢ ᠵᠢᠴᠢ ᠵᠢᠵᠢᠭ ᠰᠢᠨᠵᠢᠯᠡᠬᠦ ᠤᠬᠠᠭᠠᠨᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠪᠡ ᠂ ᠡᠭᠦᠨ ᠤ ᠬᠠᠮᠲᠤ ᠲᠤᠬᠠᠢ ᠶᠢᠨ ᠲᠠᠯᠠᠪᠤᠷ ᠲᠤ ᠱᠠᠩᠨᠠᠯ ᠣᠯᠣᠭᠰᠠᠨ ᠰᠣᠷᠣᠭᠴᠢ᠂ ᠪᠠᠭᠰᠢ ᠨᠠᠷ ᠲᠤ ᠱᠠᠩᠨᠠᠯ ᠣᠯᠭᠤᠵᠤ᠂ ᠰᠢᠨᠵᠢᠯᠡᠬᠦ ᠤᠬᠠᠭᠠᠨ ᠤ  ᠰᠤᠷᠭᠠᠭᠤᠯᠢ ᠶᠢᠨ ᠳᠡᠳ᠋ ᠵᠠᠬᠢᠷᠤᠯ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠣᠯᠭᠤᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠫᠠᠶᠢᠰᠠ ᠣᠯᠭᠤᠪᠠ᠃
640 (2).jpg
   ᠲᠤᠬᠠᠢ ᠶᠢᠨ ᠲᠠᠯᠠᠪᠠᠢ ᠳᠤ ᠪᠠᠰᠠ ᠠᠭᠤᠯᠭ᠎ᠠ ᠪᠠᠷ ᠪᠠᠶᠠᠯᠢᠭ᠂  ᠪᠠᠭ᠎ᠠ ᠰᠢᠨᠵᠢᠯᠡᠬᠦ ᠤᠬᠠᠭᠠᠨᠲᠠᠨ ᠤ ᠡᠭᠦᠳᠦᠯᠲᠡ ᠶᠢᠨ ᠦᠵᠡᠰᠬᠦᠯᠡᠩ᠂   ᠴᠠᠬᠢᠯᠭᠠᠨ ᠬᠥᠳᠡᠯᠭᠡᠭᠦᠷᠲᠦ ᠵᠥᠷᠢᠶᠡᠲᠦ ᠬᠤᠷᠳᠤᠴᠠ ᠶᠢᠨ ᠨᠢᠰᠬᠡᠯ ᠢ ᠪᠡᠶᠡᠴᠢᠯᠡᠨ ᠣᠶᠢᠯᠠᠭᠠᠬᠤ᠂ ᠣᠶᠤᠨᠲᠤ ᠲᠠᠷᠢᠶᠠᠯᠠᠩ ᠤᠨ ᠲᠠᠯᠠᠪᠠᠢ ᠶᠢᠨ ᠦᠵᠡᠭᠦᠯᠦᠯᠭᠡ ᠵᠡᠷᠭᠡ ᠠᠵᠢᠯᠯᠠᠭ᠎ᠠ ᠨᠢ ᠤᠯᠠᠨ ᠤ ᠬᠠᠷᠠᠭ᠎ᠠ ᠶᠢ ᠶᠡᠭᠡ ᠪᠠᠷ ᠨᠡᠭᠡᠭᠡᠵᠡᠢ᠃
640 (3).jpg
640 (4).jpg
640 (5).jpg
   ᠰᠤᠷᠤᠭᠴᠢᠳ ᠭᠠᠷ ᠬᠥᠳᠡᠯᠦᠨ ᠠᠵᠢᠯᠯᠠᠬᠤ ᠶᠠᠪᠤᠴᠠ ᠳᠠᠭᠠᠨ  ᠰᠢᠨᠵᠢᠯᠡᠭᠡ ᠮᠡᠷᠭᠡᠵᠢᠯ ᠤᠨ ᠷᠢᠳᠢ ᠰᠢᠳᠢ ᠶᠢ ᠮᠡᠳᠡᠷᠡᠵᠦ᠂ ᠨᠠᠭᠠᠳᠬᠤ ᠶᠢᠨ ᠳᠤᠮᠳᠠ ᠪᠠᠨ ᠬᠢᠵᠦ᠂  ᠬᠢᠬᠦ ᠶᠢᠨ ᠳᠤᠮᠳᠠ ᠰᠤᠷᠤᠯᠴᠠᠵᠤ᠂  ᠰᠤᠷᠬᠤ ᠶᠢᠨ ᠳᠤᠮᠳᠠ ᠪᠠᠨ ᠰᠢᠨ᠎ᠡ ᠶᠢ ᠡᠭᠦᠳᠴᠦ᠂  ᠡᠭᠦᠳᠬᠦ ᠶᠢᠨ ᠳᠤᠮᠳᠠ ᠪᠠᠨ  ᠴᠡᠩᠬᠡᠯᠳᠦᠪᠡ᠃
640 (6).jpg
   ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠪᠠᠰᠠ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠵᠡᠢ᠃
640 (7).jpg
   ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2023 ᠣᠨ ᠳᠤ ᠬᠢᠶ᠎ᠠ ᠪᠠᠭᠰᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠡᠯ᠎ᠡ ᠲᠥᠷᠥᠯ ᠤᠨ  ᠰᠢᠨᠵᠢᠯᠡᠭᠡ ᠮᠡᠷᠭᠡᠵᠢᠯ ᠤᠨ ᠤᠷᠤᠯᠳᠤᠭᠠᠨ ᠳᠤ 75 ᠵᠦᠢᠯ ᠤᠨ ᠤᠯᠤᠰ ᠤᠨ ᠲᠠᠰ ᠤᠨ ᠱᠠᠩᠨᠠᠯ ᠤᠨ ᠵᠦᠢᠯ᠂ 87 ᠵᠦᠢᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠱᠠᠩᠨᠠᠯ ᠤᠨ ᠵᠦᠢᠯ ᠭᠥᠷᠳᠡᠵᠦ᠂ ᠪᠠᠭᠰᠢ ᠡᠯ᠎ᠡ ᠲᠥᠷᠥᠯ ᠤᠨ ᠲᠣᠮᠣ ᠬᠡᠯᠪᠡᠷᠢ ᠶᠢᠨ ᠤᠷᠤᠯᠳᠤᠭᠠᠨ ᠤ ᠰᠢᠯᠢᠳᠡᠭ ᠬᠠᠪᠰᠤᠷᠤᠨ ᠵᠢᠯᠤᠭᠤᠳᠬᠤ ᠪᠠᠭᠰᠢ ᠶᠢᠨ ᠱᠠᠩᠨᠠᠯ ᠢ 200 ᠭᠠᠷᠤᠢ ᠭᠥᠷᠳᠡᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢᠯᠡᠳᠲᠡ ᠪᠣᠯᠵᠠᠢ᠃    ᠲᠠᠷᠠᠭᠠᠴᠢ ᠶᠢᠨ ᠠᠯᠬᠤᠮ ᠳᠤ᠂ ᠬᠢᠶ᠎ᠠ ᠪᠠᠭᠰᠢ ᠲᠣᠭᠤᠷᠢᠭ ᠤᠨ ᠬᠢᠨ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠬᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠢᠴᠢᠶᠡᠯ ᠤᠨ ᠰᠢᠰᠲ᠋ᠧᠮ ᠢ ᠲᠡᠭᠦᠯᠳᠡᠷᠵᠢᠭᠦᠯᠬᠦ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠮᠥᠨ ᠬᠥᠮᠥᠵᠢᠭᠦᠯᠬᠦ ᠵᠠᠭᠪᠤᠷ ᠢ ᠥᠷᠭᠡᠳᠬᠡᠬᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠰᠤᠷᠭᠠᠨ ᠬᠥᠮᠦᠵᠢᠯ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠤᠨ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠬᠥᠭᠵᠢᠯᠲᠡ ᠳᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃
ᠢᠷᠡᠯᠲᠡ᠄ ᠲᠤᠰ ᠰᠦᠯᠵᠢᠶ᠎ᠡ