ᠰᠢ ᠶᠢᠨ ᠫᠢᠩ ᠰᠷᠢ ᠯᠠᠨᠺᠠ ᠶᠢᠨ ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/3/28
       3 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ ᠃
6384721970528181911140258.jpg
       ᠰᠢ ᠶᠢᠨ ᠫᠢᠩ᠂ ᠳᠤᠮᠳᠠᠳᠤ ᠰᠷᠢ ᠯᠠᠨᠺᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ ᠂ ᠬᠤᠶᠠᠷ ᠤᠯᠤᠰ ᠤᠨ ᠠᠷᠠᠳ ᠲᠦᠮᠡᠨ ᠲᠥᠷᠥᠯᠬᠢ ᠶᠢᠨ ᠳᠣᠲᠣᠨᠣ ᠰᠡᠳᠬᠢᠯᠭᠡ ᠲᠠᠢ ᠶᠤᠮ ᠃ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ  ᠬᠢᠨ ᠲᠠᠢ ᠬᠠᠮᠲᠤ ᠪᠠᠷ ︽ ᠲᠤᠰᠠᠭᠠᠷ ᠲᠣᠭᠲᠠᠨᠢᠵᠤ ᠥᠪᠡᠷ ᠢ ᠪᠠᠨ ᠬᠦᠴᠦᠷᠬᠡᠭᠵᠢᠭᠦᠯᠬᠦ ᠂ ᠪᠦᠯᠬᠦᠮᠳᠡᠨ ᠬᠠᠪᠰᠤᠷᠤᠯᠴᠠᠬᠤ ︾ ᠶᠢᠨ ︽ ᠲᠤᠲᠤᠷᠭ᠎ᠠ ᠭᠤᠮ ᠤᠨ ᠰᠣᠯᠢᠯᠴᠠᠭᠠᠨ ᠤ ᠵᠥᠪᠳᠡᠯᠴᠡᠭᠡᠷ ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠳᠤᠮᠳᠠᠳᠤ ᠰᠷᠢ ᠯᠠᠨᠺᠠ ᠶᠢᠨ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠬᠤ ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠳᠤᠮᠳᠠᠳᠤ ᠤᠯᠤᠰ ᠤᠨ  ᠬᠢᠨ ᠰᠷᠢ ᠯᠠᠨᠺᠠ ᠶᠢᠨ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠂ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ ᠂ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ︽ ᠨᠢᠭᠡ ᠪᠦᠰᠡ ᠨᠢᠭᠡ ᠵᠠᠮ ︾ ᠂ ᠣᠨᠴᠠᠭᠠᠶᠢᠯᠠᠨ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠬᠤᠶᠠᠷ ᠶᠡᠭᠡ ᠵᠢᠯᠤᠭᠤᠳᠬᠤ ᠲᠦᠷᠦᠯ ᠵᠦᠢᠯ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠪᠠᠷᠠᠭᠠᠨ ᠤ ᠭᠦᠢᠯᠭᠡᠭᠡ ᠂ ᠡᠨᠧᠷᠭᠢ ᠂ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠠᠵᠤ ᠠᠬᠤᠢ ᠂ ᠴᠡᠪᠡᠷ ᠡᠨᠧᠷᠭᠢ ᠂ ᠰᠣᠶᠣᠯ ᠵᠢᠭᠤᠯᠴᠢᠯᠠᠯ ᠂ ᠲᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠶ᠎ᠠ ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠣᠨᠴᠠᠯᠢᠭᠲᠤ ᠴᠢᠨᠠᠷ ᠰᠠᠶᠢᠲᠠᠢ ᠦᠢᠯᠡᠳᠬᠦᠨ ᠢ ᠬᠢᠯᠢ ᠪᠠᠷ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ ᠂ ᠰᠷᠢ ᠯᠠᠨᠺᠠ ᠶᠢᠨ  ᠬᠢᠨ ᠡᠷᠬᠡ ᠲᠡᠭᠰᠢ ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ  ᠬᠢᠨ ᠲᠠᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠷᠢ ᠯᠠᠨᠺᠠ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠬᠦ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠰᠷᠢ ᠯᠠᠨᠺᠠ ᠶᠢᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ ᠃      ᠭᠦᠨᠠᠸᠠᠳᠧᠨᠠ ᠂ ᠰᠷᠢ ᠯᠠᠨᠺᠠ ᠳᠤᠮᠳᠠᠳᠤ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ ᠃ ᠰᠷᠢ ᠯᠠᠨᠺᠠ ᠶᠢᠨ  ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠤᠬᠳᠦ ᠭᠤᠶᠢᠪᠢᠰᠢ ᠦᠭᠡᠢ ᠵᠢᠷᠤᠮᠯᠠᠵᠤ ᠂ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭᠠᠨ ᠤ ᠲᠦᠷᠦ ᠶᠢᠨ ᠪᠣᠳᠣᠯᠭ᠎ᠠ ᠶᠢ ᠤᠬᠳᠦ ᠭᠤᠶᠢᠪᠢᠰᠢ ᠦᠭᠡᠢ ᠬᠡᠷᠡᠭᠵᠢᠭᠦᠯᠵᠦ ᠂ ᠳᠤᠮᠳᠠᠳᠤ ᠤᠯᠤᠰ ᠢ ᠢᠮᠠᠭᠲᠠ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠪᠠ ᠃ ᠰᠷᠢ ᠯᠠᠨᠺᠠ ᠶᠢᠨ ᠬᠦᠴᠢᠷᠳᠡᠯ ᠲᠠᠢ ᠦᠶ᠎ᠡ ᠳᠤ ᠳᠤᠮᠳᠠᠳᠤ ᠤᠯᠤᠰ ᠢᠮᠠᠭᠲᠠ ᠴᠠᠭ ᠲᠤᠬᠠᠢ ᠳᠤᠨᠢ ᠲᠤᠰᠠᠯᠠᠮᠵᠢ ᠦᠵᠡᠭᠦᠯᠳᠡᠭ ᠢ ᠰᠷᠢ ᠯᠠᠨᠺᠠ ᠶᠢᠨ  ᠬᠢᠨ ᠮᠠᠷᠲᠠᠬᠤ ᠦᠭᠡᠢ ᠶᠤᠮ ᠂ ᠰᠷᠢ ᠯᠠᠨᠺᠠ ᠳᠤᠮᠳᠠᠳᠤ ᠤᠯᠤᠰ ᠪᠣᠯ ᠬᠤᠪᠢ ᠵᠠᠶᠠᠭ᠎ᠠ ᠪᠠᠨ ᠬᠠᠮᠲᠤᠳᠬᠠᠭᠰᠠᠨ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠨᠠᠶᠢᠵᠠ ᠮᠥᠨ ᠃ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠡᠷᠭᠡ ᠲᠦᠷᠦᠯ ᠵᠦᠢᠯ ᠨᠢ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠶᠢᠯ ᠤᠨ ᠶᠡᠭᠡ ᠪᠠᠷ ᠬᠥᠭᠵᠢᠭᠡᠵᠦ ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢ ᠴᠦ ᠬᠦᠴᠦᠲᠡᠢ ᠠᠬᠢᠭᠤᠯᠤᠭᠰᠠᠨ ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠢᠳᠡᠪᠬᠢ ᠬᠦᠴᠦᠨ ᠨᠡᠮᠡᠷᠢᠯᠡᠵᠡᠢ ᠂ ᠰᠷᠢ ᠯᠠᠨᠺᠠ ᠶᠢᠨ  ᠬᠢᠨ ᠢᠳᠡᠪᠬᠢᠲᠡᠢ ᠣᠷᠣᠯᠴᠠᠨ ᠳᠡᠮᠵᠢᠨ᠎ᠠ ᠭᠡᠵᠦ ᠢᠯᠡᠳᠬᠡᠪᠡ ᠃ ᠰᠷᠢ ᠯᠠᠨᠺᠠ ᠶᠢᠨ  ᠬᠢᠨ ᠳᠤᠷᠠᠲᠠᠶ᠎ᠠ ᠦᠷᠭᠦᠯᠵᠢᠯᠡᠨ ᠳᠤᠮᠳᠠᠳᠤ ᠤᠯᠤᠰ ᠯᠤᠭ᠎ᠠ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ ᠂ ᠰᠷᠢ ᠯᠠᠨᠺᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠠᠵᠤ ᠠᠬᠤᠢ ᠠᠷᠠᠯᠵᠢᠶ᠎ᠠ ᠂ ᠰᠤᠷᠭᠠᠨ ᠬᠥᠮᠦᠵᠢᠯ ᠂ ᠵᠢᠭᠤᠯᠴᠢᠯᠠᠯ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ ᠂ ᠤᠯᠠᠨ ᠤᠯᠤᠰ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠶᠢ ᠨᠢᠭᠲᠠᠷᠠᠭᠤᠯᠵᠤ ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃      ᠸᠠᠩ ᠢ ᠠᠭᠤᠯᠵᠠᠯᠲᠠ ᠳᠤ ᠣᠷᠣᠯᠴᠠᠵᠠᠢ ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ