ᠯᠢᠦ ᠭᠠᠩ
ᠨᠡᠶᠢᠲᠡᠯᠡᠭᠰᠡᠨ ᠴᠠᠭ᠄
2024/3/5
44444444.jpg
  ᠠᠵᠢᠯ ᠤᠨ ᠬᠤᠪᠢᠶᠠᠷᠢ᠄          ᠲᠣᠭᠤᠷᠢᠭ ᠤᠨ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃         ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃         ᠺᠠᠩ ᠰᠢᠨ ᠵᠡᠭᠡᠯᠢ ᠭᠤᠳᠤᠮᠵᠢ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠶ᠎ᠠ ᠪᠠᠭᠰᠢ ᠲᠣᠭᠤᠷᠢᠭ ᠤᠨ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠥᠪ  ᠲᠠᠢ ᠬᠠᠷᠢᠯᠴᠠᠨ᠎ᠠ᠃ ᠲᠣᠪᠴᠢ ᠨᠠᠮᠳᠠᠷ᠄        ᠯᠢᠦ ᠭᠠᠩ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 1 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃        ᠣᠲᠣ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠲᠣᠰ ᠰᠥᠯᠵᠢᠶ᠎ᠡ