ᠡᠳᠡᠭᠡᠷ ᠤᠮᠳᠠᠭᠠᠨ ᠢ ᠪᠢᠲᠡᠬᠢ ᠬᠤᠲᠠᠯᠳᠤᠵᠤ ᠠᠪᠤᠭᠠᠷᠠᠢ᠂ ᠤᠤᠭᠤᠬᠤ ᠪᠠᠨ ᠵᠣᠭᠰᠣᠭᠠᠷᠠᠢ
ᠨᠡᠶᠢᠲᠡᠯᠡᠭᠰᠡᠨ ᠴᠠᠭ᠄
2024/3/6
         ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠠᠯᠪᠠᠨ ᠰᠦᠯᠵᠢᠶ᠎ᠡ ᠶᠢᠨ 26 ᠤ ᠡᠳᠦᠷ ᠨᠡᠶᠢᠲᠡᠯᠡᠭᠰᠡᠨ ᠮᠡᠳᠡᠭᠡ᠄ ᠳᠤᠮᠳᠠᠳᠤ‌ᠤᠯᠤᠰ ᠲᠤ CUSA  24092203180057 ᠨᠣᠮᠧᠷ  ᠢᠶᠠᠷ  ᠳᠠᠩᠰᠠᠯᠠᠭᠤᠯᠤᠭᠰᠠᠨ  ᠠᠮᠧᠷᠢᠺᠠ ᠶᠢᠨ  ᠤᠮᠳᠠᠭᠠᠨ‌ᠦᠢᠯᠡᠳᠪᠦᠷᠢᠯᠡᠬᠦ ᠠᠵᠤ  ᠠᠬᠤᠶᠢᠯᠠᠯ  JERRY&SONS  PHARMACEUTICALINC  ᠨᠢ‌ᠭᠤᠶᠤᠴᠢᠯᠠᠨ ᠳᠠᠩᠰᠠᠯᠠᠭᠤᠯᠬᠤ ᠳᠠᠭᠠᠨ ᠬᠤᠳᠠᠯ ᠬᠠᠭᠤᠷᠮᠠᠭ ᠮᠠᠲ᠋ᠧᠷᠢᠶᠠᠯ  ᠬᠠᠩᠭᠠᠭᠰᠠᠨ  ᠪᠠᠶᠢᠨ᠎ᠠ᠃  ᠪᠣᠭᠤᠮᠲᠠ ᠶᠢᠨ  ᠶᠡᠷᠦᠩᠬᠡᠢ‌ᠵᠠᠬᠢᠷᠭ᠎ᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠴᠠ ᠣᠷᠣᠭᠤᠯᠤᠭᠰᠠᠨ  ᠢᠳᠡᠭᠡᠨ ᠤ  ᠵᠦᠢᠯ ᠢ‌‍ᠬᠢᠯᠢ ᠶᠢᠨ ᠭᠠᠳᠠᠨ᠎ᠠ ᠦᠢᠯᠡᠳᠪᠦᠷᠢᠯᠡᠬᠦ ᠠᠵᠤ ᠠᠬᠤᠶᠢᠯᠠᠯ ᠢ ᠲᠠᠩᠰᠠᠯᠠᠨ  ᠬᠠᠮᠢᠶᠠᠷᠬᠤ  ᠲᠣᠭᠲᠠᠭᠠᠯ︾ ᠤᠨ  ᠬᠤᠯᠪᠣᠭᠳᠠᠯ  ᠪᠦᠬᠦᠢ‌‍ᠲ᠋ᠣᠭᠲᠠᠭᠠᠯ ᠢ ᠦᠨᠳᠦᠰᠦᠯᠡᠨ ᠲᠤᠰ ᠠᠵᠤ ᠠᠬᠤᠶᠢᠯᠠᠯ ᠤᠨ ᠳᠤᠮᠳᠠᠳᠤ ᠤᠯᠤᠰ ᠲᠤ ᠳᠠᠩᠰᠠᠯᠠᠭᠤᠯᠤᠭᠰᠠᠨ ᠬᠢᠷᠢ ᠬᠡᠮ ᠢ  ᠨᠢᠭᠡᠨᠲᠡ‌‍ᠬᠦ᠋ᠴᠦᠨ ᠦᠭᠡᠢ ᠪᠣᠯᠭᠠᠪᠠ᠃        ᠪᠣᠭᠤᠮᠲᠠ ᠶᠢᠨ ᠶᠡᠷᠦᠩᠬᠡᠶ ᠵᠠᠬᠢᠷᠭ᠎ᠠ ᠠᠴᠠ ᠬᠡᠷᠡᠭᠯᠡᠭᠴᠢᠳ ᠲᠤ᠄        1. ᠳᠤᠮᠳᠠᠳᠤ  ᠤᠯᠤᠰ ᠲᠤ  CUSA  24092203180057 ᠨᠣᠮᠧᠷ  ᠢᠶᠠᠷ  ᠳᠠᠩᠰᠠᠯᠠᠭᠤᠯᠤᠭᠰᠠᠨ‌ᠠᠮᠧᠷᠢᠺᠠ ᠶᠢᠨ ᠠᠵᠤ ᠠᠬᠤᠶᠢᠯᠠᠯ JERRY SONSPHARMACEUTICALINC ᠤᠨ ᠤᠮᠳᠠᠭᠠᠨ‌ᠢ ᠪᠢᠲᠡᠬᠢ ᠬᠤᠲᠠᠯᠳᠤᠵᠤ ᠠᠪᠤᠭᠠᠷᠠᠢ᠂ ᠡᠭᠦᠨ ᠳᠤ ᠲᠢᠶᠠᠨ  ᠵᠢᠶᠦ᠋ᠨ  ᠰᠢ  ᠮᠧᠶ  ᠰᠢᠭᠦᠰᠦ  ︵TiQPrune  Juice︶ᠪᠠᠭᠳᠠᠵᠤ ᠪᠤᠢ᠃        2. ᠲᠣᠰ ᠠᠵᠤ ᠠᠬᠤᠶᠢᠯᠠᠯ ᠤᠨ ᠤᠮᠳᠠᠭᠠᠨ ᠢ ᠨᠢᠭᠡᠨᠲᠡ ᠣᠯᠵᠤ ᠠᠪᠤᠬᠰᠠᠨ ᠬᠦᠮᠦᠰ᠂ ᠤᠤᠭᠤᠬᠤ ᠪᠠᠨ ᠵᠣᠭᠰᠣᠵᠤ᠂ᠤᠤᠯ ᠤᠨ ᠵᠠᠬᠢᠶᠠᠯᠠᠬᠰᠠᠨ ᠠᠷᠭ᠎ᠠ ᠵᠠᠮ  ᠢᠶᠠᠷ ᠢᠶᠠᠨ ᠬᠠᠷᠢᠯᠴᠠᠵᠤ ᠪᠠᠶᠢᠭᠠᠳ ᠪᠠᠷᠠᠭ᠎ᠠ ᠪᠠᠨ ᠪᠤᠴᠠᠭᠠᠭᠠᠷᠠᠶ᠃               
ᠢᠷᠡᠯᠲᠡ᠄ ᠠᠷᠠᠳ ᠤᠨ ᠰᠥᠯᠵᠢᠶ᠎ᠡ