ᠬᠠᠩᠬᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/7
     3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃           ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠪᠣᠯᠣᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠥᠬᠦ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠪᠥᠬᠦ ᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ᠂ ᠰᠠᠭᠤᠷᠢ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠵᠢᠯᠤᠭᠤᠳᠬᠤ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠵᠠᠳᠠᠯᠬᠤ ᠬᠤᠯᠪᠣᠭᠳᠠᠯ ᠪᠦᠬᠦᠢ ᠤᠴᠢᠷ ᠶᠠᠪᠤᠳᠠᠯ᠂ 2023 ᠣᠨ ᠤ ᠪᠡᠯᠡ ᠮᠥᠩᠭᠦ ᠲᠥᠷᠦᠯ ᠵᠦᠢᠯ ᠲᠠᠲᠠᠨ ᠣᠷᠣᠭᠤᠯᠤᠭᠰᠠᠨ ᠱᠠᠩᠨᠠᠯ ᠬᠥᠬᠢᠭᠦᠯᠦᠯ ᠵᠢᠴᠢ 2024 ᠣᠨ ᠤ ᠪᠡᠯᠡ ᠮᠥᠩᠭᠦ ᠲᠥᠷᠦᠯ ᠵᠦᠢᠯ ᠲᠠᠲᠠᠨ ᠤᠷᠤᠭᠤᠯᠬᠤ ᠡᠭᠦᠷᠭᠡ ᠬᠠᠷᠠᠯᠲᠠ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠪᠡᠯᠡ ᠮᠥᠩᠭᠦ ᠲᠠᠲᠠᠨ ᠤᠷᠤᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠬᠤᠯᠪᠣᠭᠳᠠᠯ ᠪᠦᠬᠦᠢ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ 2024 ᠣᠨ ᠤ ᠪᠡᠯᠡ ᠮᠥᠩᠭᠦ ᠲᠥᠷᠦᠯ ᠵᠦᠢᠯ ᠲᠠᠲᠠᠨ ᠤᠷᠤᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ ︽ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠪᠣᠳᠠᠲᠠᠢ ᠰᠠᠨᠠᠯ︾ ᠢ ᠰᠤᠳᠤᠯᠤᠨ ᠶᠠᠷᠢᠯᠴᠠᠵᠤ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠯᠭ᠎ᠠ  ᠪᠣᠯᠭᠠᠨ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
ᠢᠷᠡᠯᠲᠡ᠄ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ