ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠠᠩ ᠴᠦᠨ ᠸᠧᠨ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/3/7
640.jpg
       ᠰᠤᠷᠪᠤᠯᠵᠢᠯᠠᠭᠴᠢ᠄ ᠶᠠᠩ ᠴᠦᠨ ᠸᠧᠨ ᠲᠦᠯᠦᠬᠡᠯᠡᠭᠴᠢ᠂ ᠰᠠᠶᠢᠨ ᠤᠤ︖  ᠬᠢᠶ᠎ᠠ ᠪᠠᠭᠰᠢ ᠲᠣᠭᠤᠷᠢᠭ ᠤᠨ ᠬᠤᠶᠢᠲᠤ ᠲᠣᠭᠤᠷᠢᠭ ᠲᠤ ᠭᠠᠯ ᠤᠨᠲᠠᠷᠠᠭᠠᠬᠤ ᠥᠷᠲᠡᠭᠡ ᠪᠠᠶᠢᠭᠤᠯᠬᠤ ᠲᠤᠬᠠᠢ ᠲᠠ ᠶᠠᠮᠠᠷ ᠰᠠᠶᠢᠨ ᠰᠠᠨᠠᠭᠤᠯᠭ᠎ᠠ ᠲᠠᠢ ᠪᠤᠢ︖       ᠶᠠᠩ ᠴᠦᠨ ᠸᠧᠨ᠄ ᠪᠢ ᠭᠤᠤᠯᠳᠠᠭᠤ ᠳᠣᠤᠷᠠᠬᠢ ᠬᠡᠳᠦᠨ ᠲᠠᠯ᠎ᠠ ᠠᠴᠠ ᠪᠣᠳᠣᠯᠬᠢᠯᠠᠵᠦ ᠪᠠᠶᠢᠨ᠎ᠠ᠄       ᠨᠢᠭᠡ ᠳᠤ᠂ ᠮᠡᠨ ᠤ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠡᠪᠴᠢᠶᠡᠨ ᠤ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠣᠵᠣ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠣᠯᠠᠮ ᠠᠴᠠ ᠣᠯᠠᠮ ᠠᠷᠪᠢᠳᠣᠨ᠂ ᠬᠤᠲᠠ ᠶᠢᠨ ᠬᠥᠮᠦᠨ ᠠᠮᠠ ᠲᠠᠰᠤᠷᠠᠯᠲᠠ ᠦᠭᠡᠢ  ᠴᠣᠭᠯᠠᠷᠠᠵᠤ  ᠪᠠᠶᠢᠨ᠎ᠠ᠃ ᠭᠡᠪᠡᠴᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠥᠬᠦᠭᠡᠷᠦᠮᠵᠢ ᠶᠡᠷᠦ ᠠᠴᠠ ᠪᠠᠶᠢᠬᠤ ᠦᠭᠡᠢ᠃       ᠬᠤᠶᠠᠷ ᠲᠤ᠂ ᠬᠢᠶ᠎ᠠ ᠪᠠᠭᠰᠢ ᠲᠣᠭᠤᠷᠢᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠬᠡᠷᠡᠭᠵᠢᠭᠦᠯᠦᠯᠲᠡ ᠶᠢ ᠳᠠᠭᠠᠯᠳᠤᠨ᠂ ᠶᠡᠭᠡ ᠬᠡᠮᠵᠢᠶᠡᠨ ᠤ ᠬᠥᠳᠡᠭᠡ ᠲᠣᠰᠬᠤᠨ ᠤ ᠬᠥᠮᠦᠨ ᠠᠮᠠ ᠶᠢ ᠨᠡᠭᠦᠯᠭᠡᠨ ᠬᠤᠲᠠ ᠳᠤ ᠣᠷᠣᠭᠤᠯᠪᠠ᠃ ᠪᠠᠰᠡ ᠡᠨᠡ ᠬᠡᠳᠦᠨ ᠵᠢᠯ ᠳᠤ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠪᠠᠭ᠋ᠠᠢ ᠠᠭᠤᠯᠠ ᠶᠢᠨ ᠨᠣᠭᠤᠭᠠᠷᠠᠭᠤᠯᠤᠯᠲᠠ ᠶᠢᠨ ᠲᠦᠷᠦᠯ ᠵᠦᠢᠯ᠂ ᠮᠣᠳᠣ ᠲᠠᠷᠢᠵᠤ ᠣᠶᠢᠵᠢᠭᠤᠯᠬᠤ ᠲᠦᠷᠦᠯ ᠵᠦᠢᠯ ᠢ ᠶᠡᠭᠡ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠤ ᠠᠮᠢ ᠠᠬᠤᠢ ᠶᠢᠨ ᠤᠷᠭᠤᠮᠠᠯ ᠤᠨ ᠬᠤᠴᠢᠯᠭ᠎ᠠ ᠮᠠᠰᠢ ᠰᠠᠶᠢᠨ ᠰᠡᠷᠭᠦᠵᠦ ᠭᠠᠯ ᠤᠨ ᠠᠶᠤᠯ ᠤᠨ ᠳᠠᠯᠳᠠ ᠭᠡᠮ ᠲᠣᠶᠢᠯ ᠢᠶᠠᠷ ᠶᠡᠭᠡᠰᠪᠡ᠃ ᠳᠡᠭᠡᠷᠡᠬᠢ ᠬᠡᠳᠦᠨ ᠲᠠᠯ᠎ᠠ ᠠᠴᠠ ᠪᠣᠳᠣᠯᠬᠢᠯᠠᠵᠤ᠂  ᠪᠢ ᠬᠢᠶ᠎ᠠ ᠪᠠᠭᠰᠢ ᠲᠣᠭᠤᠷᠢᠭ ᠤᠨ ᠬᠤᠶᠢᠲᠤ ᠲᠣᠭᠤᠷᠢᠭ ᠲᠤ ᠭᠠᠯ ᠤᠨᠲᠠᠷᠠᠭᠠᠬᠤ ᠦᠷᠳᠡᠭᠡ ᠶᠢ ᠰᠢᠨ᠎ᠡ ᠪᠠᠷ ᠪᠠᠶᠢᠭᠤᠯᠵᠤ᠂ ᠭᠡᠨᠡᠳᠲᠡ ᠶᠢᠨ ᠭᠠᠯ ᠲᠣᠬᠢᠶᠠᠯᠳᠤᠪᠠᠯ᠂ ᠲᠡᠷᠡ ᠳᠠᠷᠤᠢ ᠳᠤᠨᠢ ᠠᠪᠤᠷᠠᠨ ᠲᠤᠰᠠᠯᠠᠵᠤ᠂ ᠭᠠᠯ ᠤᠨ ᠪᠠᠶᠢᠳᠠᠯ ᠢ ᠠᠷᠢᠯᠭᠠᠬᠤ ᠬᠡᠷᠡᠭᠲᠡᠢ ᠭᠡᠵᠦ ᠰᠠᠨᠠᠭᠤᠯᠭ᠎ᠠ ᠭᠠᠷᠭᠠᠪᠠ᠃
ᠢᠷᠡᠯᠲᠡ᠄ ᠲᠣᠰ ᠰᠥᠯᠵᠢᠶ᠎ᠡ