ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠰᠢᠦᠢ ᠶᠥᠩ ᠯᠢ ᠶᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/3/7
640 (1).jpg
        ᠰᠤᠷᠪᠤᠯᠵᠢᠯᠠᠭᠴᠢ᠄ ᠰᠢᠥᠶ ᠶᠦᠩ ᠯᠢ ᠲᠦᠯᠦᠭᠡᠯᠡᠭᠴᠢ᠂ ᠲᠠ ᠰᠠᠶᠢᠨ ᠤᠤ︖ ᠬᠢᠶ᠎ᠠ ᠪᠠᠭᠰᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠬᠤ ᠲᠤᠬᠠᠢ ᠲᠠ ᠶᠠᠮᠠᠷ ᠰᠠᠶᠢᠨ ᠪᠣᠳᠣᠯ ᠪᠠ ᠰᠠᠨᠠᠭᠤᠯᠭ᠎ᠠ ᠪᠠᠶᠢᠨ᠎ᠠ ᠪᠤᠢ︖        ᠲᠥᠯᠥᠭᠡᠯᠡᠭᠴᠢ ᠰᠢᠦᠢ ᠶᠥᠩ ᠯᠢ᠄ ᠭᠤᠣᠯᠳᠠᠭᠤ ᠭᠤᠷᠪᠠᠨ ᠲᠠᠯ᠎ᠠ ᠶᠢᠨ ᠰᠠᠨᠠᠭᠤᠯᠭ᠎ᠠ ᠪᠠᠶᠢᠨ᠎ᠠ᠄ ᠨᠢᠭᠡ ᠳᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠨ᠎ᠠ᠃ ᠵᠢᠱᠢᠶᠡᠯᠡᠪᠡᠯ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠤᠯᠤᠰ ᠤᠨ ᠲᠠᠪᠰᠢᠩᠭᠤᠢ ᠰᠣᠶᠣᠯ᠂ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠩᠬᠢᠮ ᠳᠤ ᠣᠷᠣᠭᠤᠯᠬᠤ ᠶᠢᠨ ᠬᠠᠮᠲᠤ ᠤᠯᠠᠨ ᠵᠣᠶᠢᠯ ᠤᠨ ᠵᠠᠭᠤᠴᠢᠯᠠᠭᠤᠷ ᠵᠡᠷᠭᠡ ᠤᠳᠤ ᠦᠶ᠎ᠡ ᠶᠢᠨ ᠰᠤᠷᠭᠠᠨ ᠬᠥᠮᠦᠵᠢᠯ ᠤᠨ ᠠᠷᠭ᠎ᠠ ᠪᠠᠷᠢᠯ ᠢ  ᠠᠰᠢᠭᠯᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠣᠨᠢᠷᠬᠠᠯᠲᠤ ᠴᠢᠨᠠᠷ ᠢ ᠨᠡᠮᠡᠭᠳᠡᠭᠦᠯᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠨ᠎ᠡ᠃       ᠬᠤᠶᠠᠷ ᠲᠤ᠂ ᠠᠳᠠᠯᠢ ᠪᠤᠰᠤ ᠨᠠᠰᠤᠨ ᠤ ᠰᠤᠷᠤᠭᠴᠢᠳ ᠢ ᠦᠨᠳᠦᠰᠦᠯᠡᠨ᠂ ᠰᠤᠷᠤᠯᠭ᠎ᠠ ᠶᠢᠨ ᠬᠤᠭᠤᠴᠠᠭ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠮᠦᠽᠧᠶ ᠵᠡᠷᠭᠡ ᠳᠤ  ᠣᠴᠢᠨ᠎ᠠ᠃ ᠬᠢᠴᠢᠶᠡᠯ ᠤᠨ ᠭᠠᠳᠠᠨᠠᠬᠢ ᠬᠥᠳᠡᠯᠭᠡᠭᠡᠨ ᠤ ᠴᠠᠭ ᠢ ᠠᠰᠢᠭᠯᠠᠨ᠂ ᠰᠤᠷᠤᠯᠭ᠎ᠠ ᠶᠢᠨ ᠬᠤᠭᠤᠴᠠᠭ᠎ᠠ ᠪᠦᠷᠢ ᠠᠳᠠᠭ ᠲᠠᠭᠠᠨ ᠨᠢᠭᠡ ᠣᠳᠠᠭ᠎ᠠ ᠰᠤᠷᠤᠭᠴᠢᠳ ᠢ ᠵᠣᠬᠢᠶᠠᠨ ᠪᠠᠶᠢᠭᠤᠯᠤᠨ ᠤᠯᠠᠭᠠᠨ ᠺᠢᠨᠣ᠋ ᠦᠵᠡᠭᠦᠯᠦᠨ᠎ᠡ᠃       ᠭᠤᠷᠪᠠ ᠳᠤ᠂ ᠬᠡᠷ ᠪᠦᠯᠢ ᠰᠤᠷᠭᠠᠭᠤᠯᠢ ᠬᠠᠮᠲᠤᠷᠠᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠵᠦ᠂ ᠰᠤᠷᠭᠠᠭᠤᠯᠢ ᠠᠴᠠ ᠬᠡᠷ ᠤᠨ ᠠᠬᠠᠮᠠᠳ ᠢ ᠵᠢᠯᠣᠭᠤᠳᠤᠨ ᠪᠣᠳᠠᠲᠠᠶ ᠪᠠᠨ ᠦᠨᠳᠦᠰᠦᠯᠡᠨ᠂ ᠡᠳᠦᠷ ᠲᠤᠲᠤᠮ ᠤᠨ ᠠᠮᠢᠳᠤᠷᠠᠯ ᠳᠤᠮᠳᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠪᠢᠳᠡᠨ ᠤ ᠡᠳᠦᠷ ᠲᠤᠲᠤᠮ ᠤᠨ ᠠᠮᠢᠳᠤᠷᠠᠯ ᠳᠤ  ᠠᠭᠤᠰᠬᠠᠨ᠎ᠠ᠃ ᠶᠡᠷᠦᠩᠬᠡᠶᠢᠯᠡᠪᠡᠯ᠂ ᠪᠠᠭᠠᠴᠤᠳ ᠬᠦᠴᠦᠷᠬᠡᠭ ᠪᠣᠯ ᠤᠯᠤᠰ ᠬᠦᠴᠦᠷᠬᠡᠭ᠂ ᠪᠦᠬᠦ ᠨᠡᠶᠢᠭᠡᠮ ᠢᠶᠠᠷ ᠢᠶᠠᠨ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠬᠤᠯᠠᠴᠢᠯᠠᠨ ᠴᠢᠩᠭᠠᠳᠬᠠᠬᠤ ᠬᠡᠷᠡᠭᠲᠡᠢ᠃
ᠢᠷᠡᠯᠲᠡ᠄ ᠲᠣᠰ ᠰᠥᠯᠵᠢᠶ᠎ᠡ