ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ    ᠵᠧᠨ ᠬᠤᠸᠠ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2024/3/8
640.jpg     
      3 ᠳ᠋ᠤᠭᠠᠷ ᠰᠠᠷ᠎ᠠ ᠶᠢᠨ 6 ᠤ ᠡᠳᠦᠷ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠴᠣᠬᠤᠯᠠᠪᠤᠷᠢ  ᠦᠭᠪᠡ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ ᠾᠧᠦ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠲᠣᠭᠤᠷᠢᠭ ᠤᠨ ᠳᠠᠷᠤᠭ᠎ᠠ᠂ ᠳᠣᠲᠣᠭᠠᠳᠤ  ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠬᠤᠤ ᠵᠢᠢ ᠵᠥᠩ ᠬᠤᠷᠠᠯ   ᠢ ᠡᠷᠭᠢᠯᠡᠵᠡᠶ᠃  ᠲᠤᠭᠤᠷᠢᠭ ᠤᠨ ᠰᠢᠭᠦᠬᠦ  ᠬᠤᠷᠢᠶ᠎ᠠ ᠪᠠᠶᠢᠴᠠᠭᠠᠬᠤ ᠬᠤᠷᠢᠶᠠᠨ ᠤ ᠬᠤᠶᠠᠷ ᠳᠠᠷᠤᠭ᠎ᠠ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠥᠬᠦ  ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳ᠋ᠦᠩᠨᠡᠵᠦ᠂ 2024 ᠣᠨ ᠤ ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠪᠠᠶᠢᠷᠢᠯᠠᠭᠤᠯᠪᠠ᠃  ᠬᠢᠶ᠎ᠠ ᠪᠠᠭᠰᠢ  ᠵᠡᠭᠡᠯᠢ ᠭᠤᠳᠤᠮᠵᠢ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃       ᠵᠧᠨ ᠬᠤᠸᠠ ᠴᠣᠬᠤᠯᠠᠪᠤᠷᠢ ᠳᠠᠭᠠᠨ᠂ 2023 ᠣᠨ ᠳᠤ ᠪᠦᠬᠦ  ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠡᠭᠦᠷᠭᠡᠯᠡᠨ ᠠᠵᠢᠯᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠢᠶ᠎ᠠ ᠪᠠᠭᠰᠢ  ᠂ ᠬᠠᠤᠯᠢ ᠪᠠᠷ ᠵᠠᠰᠠᠬᠤ ᠬᠢᠶ᠎ᠠ ᠪᠠᠭᠰᠢ  ᠶᠢ ᠪᠠᠶᠢᠭᠤᠯᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠰᠢᠨ᠎ᠡ ᠠᠮᠵᠢᠯᠲᠠ ᠣᠯᠵᠠᠢ᠃ 2024 ᠣᠨ ᠳᠤ ᠪᠦᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠮᠠᠨ ᠤ  ᠲᠤᠭᠤᠷᠢᠭ ᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ  ᠲᠤᠭᠤᠷᠢᠭ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ  ᠲᠤᠭᠤᠷᠢᠭ  ᠢ ᠪᠦᠲᠦᠭᠡᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠡᠰ ᠵᠤᠷᠢᠭᠯᠠᠨ ᠵᠢᠳᠬᠦᠨ ᠴᠢᠷᠮᠠᠶᠢᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠪᠣᠯᠬᠤ ᠬᠢᠶ᠎ᠠ ᠪᠠᠭᠰᠢ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠲᠠ  ᠶᠢ ᠬᠦᠴᠦᠯᠡᠨ ᠴᠢᠩᠭᠠᠳᠬᠠᠵᠤ᠂  ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾  ᠶᠢ ᠰᠢᠨ᠎ᠡ ᠶᠢ  ᠡᠭᠦᠳᠦᠨ  ᠬᠦᠭᠵᠢᠭᠦᠯᠵᠦ᠂ ︽ᠳ᠋ᠥᠸᠧ  ᠳ᠋ᠥᠸᠧ ᠫᠢᠩ + ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ + ᠬᠢᠶ᠎ᠠ ᠪᠠᠭᠰᠢ  ᠶᠢᠨ ᠠᠩᠬᠠᠷᠤᠯ ᠤᠨ ᠲᠥᠪᠯᠡᠷᠡᠯ︾ ᠤᠨ ᠵᠠᠭᠪᠤᠷ ᠢ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠯᠳᠤᠭᠠᠨ ᠢ ᠣᠯᠠᠨ  ᠡᠰᠢᠵᠢᠭᠦᠯᠦᠭᠰᠡᠨ  ᠰᠢᠢᠳᠪᠦᠷᠢᠯᠡᠬᠦ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠰᠠᠶᠢᠲᠤᠷ ᠬᠢᠵᠦ᠂  ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠭᠤᠣᠯ ᠬᠤᠲᠠ ᠶᠢᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠮᠦᠨ ᠴᠦ ᠬᠢᠶ᠎ᠠ ᠪᠠᠭᠰᠢ ᠲᠣᠭᠤᠷᠢᠭ ᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ  ᠲᠤᠭᠤᠷᠢᠭ ᠪᠠ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠵᠢᠱᠢᠶ᠎ᠡ ᠦᠵᠡᠭᠦᠯᠬᠦ  ᠲᠤᠭᠤᠷᠢᠭ ᠤᠨ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠪᠦᠬᠦ ᠣᠷᠣᠨ ᠤ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ᠂ ᠠᠮᠤᠷ ᠲᠦᠪᠰᠢᠨ ᠤ ᠪᠠᠶᠢᠭᠤᠯᠤᠯᠲᠠ ᠶᠢᠨ ᠡᠯ᠎ᠡ ᠪᠦᠷᠢᠯᠳᠦᠭᠦᠨ ᠨᠢᠭᠡᠴᠡ ᠪᠣᠯᠣᠨ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠨᠠᠮ ᠤᠯᠤᠰ ᠲᠦᠷᠦ ᠬᠠᠤᠯᠢ ᠴᠠᠭᠠᠵᠠ ᠶᠢ ᠬᠠᠮᠢᠶᠠᠷᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠶᠡᠷᠦᠩᠬᠡᠶᠢᠯᠡᠨ ᠡᠵᠡᠮᠳᠡᠬᠦ ᠶᠢ ᠴᠢᠩᠭᠠᠳᠬᠠᠵᠤ᠂ ᠱᠠᠯᠠᠪᠳᠠᠭᠤᠯᠤᠨ ᠭᠦᠢᠴᠡᠳᠬᠡᠵᠦ ᠨᠠᠶᠢᠳᠠᠪᠤᠷᠢᠵᠢᠭᠤᠯᠬᠤ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠳᠤ ᠦᠢᠯᠡᠴᠢᠯᠡᠬᠦ ᠶᠢᠨ ᠲᠣᠭᠤᠷᠢᠨ ᠳᠤ᠂ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠥᠨᠳᠥᠷ ᠪᠠᠷᠢᠮᠵᠢᠶ᠎ᠠ ᠪᠠᠷ ᠪᠤᠢ ᠪᠣᠯᠭᠠᠵᠤ᠂ ᠥᠨᠳᠥᠷ ᠦᠷ᠎ᠡ ᠪᠦᠲᠦᠮᠵᠢᠲᠡᠢ ᠪᠠᠷ ᠬᠠᠤᠯᠢ  ᠪᠠᠷ ᠵᠠᠰᠠᠬᠤ ᠶᠢᠨ ᠲᠤᠰᠠᠯᠠᠮᠵᠢ ᠶᠢᠨ ᠲᠤᠯᠭᠠᠭᠤᠷᠢᠯᠠᠯ ᠬᠠᠩᠭᠠᠵᠤ᠂ ᠥᠨᠳᠥᠷ ᠵᠣᠭᠰᠣᠴᠠ ᠪᠠᠷ ᠪᠠᠲᠤ ᠪᠠᠬᠢ ᠬᠠᠯᠬᠠᠪᠴᠢ ᠪᠠᠶᠢᠭᠤᠯᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠤᠯᠤᠰ ᠲᠦᠷᠦ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠲᠡᠮᠡᠴᠡᠯ ᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ  ᠢ ᠪᠠᠲᠤᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠪᠠᠷ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠭᠤᠷᠢᠯᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠ ᠤᠳᠤ ᠦᠶ᠎ᠡ ᠶᠢᠨ  ᠰᠢᠨᠵᠢᠯᠡᠭᠡ ᠮᠡᠷᠭᠡᠵᠢᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠬᠠᠤᠯᠢ ᠴᠠᠭᠠᠵᠠ ᠶᠢᠨ  ᠡᠩᠨᠡᠭᠡ ᠶᠢ ᠦᠨᠡᠨᠬᠦ ᠳᠠᠪᠲᠠᠨ ᠪᠣᠯᠪᠠᠰᠤᠷᠠᠭᠤᠯᠬᠤ  ᠬᠡᠷᠡᠭᠲᠠᠢ ᠭᠡᠵᠦ ᠴᠢᠬᠤᠯᠠᠴᠢᠯᠠᠪᠠ᠃
ᠢᠷᠡᠯᠲᠡ᠄ ᠲᠤᠰ ᠰᠦᠯᠵᠢᠶ᠎ᠡ