ᠳ᠋ᠦ᠋ ᠵᠢᠶᠠ ᠪᠢᠨ
ᠨᠡᠶᠢᠲᠡᠯᠡᠭᠰᠡᠨ ᠴᠠᠭ᠄
2024/3/8
      杜佳斌.jpg
ᠠᠵᠢᠯ ᠤᠨ ᠬᠤᠪᠢᠶᠠᠷᠢ᠄         ᠲᠣᠭᠤᠷᠢᠭ ᠤᠨ ᠳᠠᠷᠤᠭ᠎ᠠ ᠶᠢ ᠬᠠᠮᠵᠢᠨ ᠰᠣᠶᠣᠯ ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ᠂ ᠤᠰᠤᠨ ᠠᠰᠢᠭᠯᠠᠯᠲᠠ᠂ ᠦᠨᠳᠦᠰᠦᠲᠡᠨ ᠤ ᠬᠡᠷᠡᠭ ᠶᠠᠪᠤᠳᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠲᠤᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠲᠤᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠲᠤᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠥᠪᠥᠷ ᠮᠣᠩᠭᠤᠯ ᠤᠨ ᠬᠢᠶ᠎ᠠ ᠪᠠᠭᠰᠢ ᠶᠢᠨ ᠰᠣᠶᠣᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃        ᠬᠢᠶ᠎ᠠ ᠪᠠᠭᠰᠢ ᠵᠡᠭᠡᠯᠢ ᠭᠤᠳᠤᠮᠵᠢ᠂ ᠲᠣᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠣᠭᠤᠷᠢᠭ ᠤᠨ ᠤᠳᠬ᠎ᠠ ᠵᠣᠬᠢᠶᠠᠯ ᠤᠷᠠᠯᠢᠭ ᠤᠨ ᠬᠤᠯᠪᠣᠭᠠᠲᠤ ᠬᠤᠷᠠᠯ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶᠠᠨ ᠤ ᠬᠢᠶ᠎ᠡ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠢᠶ᠎ᠠ ᠪᠠᠭᠰᠢ ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠣᠷᠳᠣᠰ ᠬᠤᠲᠠ ᠶᠢᠨ ᠪᠣᠷᠣᠯᠠᠭᠤᠯᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ᠲᠣᠪᠴᠢ ᠨᠠᠮᠳᠠᠷ᠄        ᠳ᠋ᠦ᠋ ᠵᠢᠶᠠ ᠪᠢᠨ᠂ ᠡᠷᠡᠭᠲᠡᠶ᠂ ᠬᠢᠲᠠᠳ ᠦᠨᠳᠦᠰᠦᠲᠡᠨ᠂ 1983 ᠣᠨ ᠤ 10 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠪᠠᠺᠠᠯᠠᠸ᠋ᠷ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃       ᠤᠳᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠭᠤᠷᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠲᠤᠰ ᠰᠦᠯᠵᠢᠶ᠎ᠡ