ᠸᠠᠩ ᠷᠦᠢ ᠰᠢᠶᠠᠩ
ᠨᠡᠶᠢᠲᠡᠯᠡᠭᠰᠡᠨ ᠴᠠᠭ᠄
2024/3/9
            王瑞祥副本.jpg
 ᠠᠵᠢᠯ ᠤᠨ ᠬᠤᠪᠢᠶᠠᠷᠢ᠄         ᠲᠣᠭᠤᠷᠢᠭ ᠤᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠳᠣᠰ ᠬᠤᠲᠠ ᠶᠢᠨ ᠲᠦᠩ ᠬᠤᠶ ᠢᠯᠴᠢ ᠬᠠᠩᠭᠠᠬᠤ ᠰᠢᠲᠠᠮᠠᠬᠠᠶ ᠬᠡᠶ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠭᠦᠸᠧ ᠶᠢᠦ ᠡᠳ᠋ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠶ᠎ᠠ ᠪᠠᠭᠰᠢ ᠶᠢᠨ  ᠴᠡᠴᠡᠷᠯᠢᠭᠵᠢᠭᠦᠯᠦᠨ ᠨᠣᠭᠤᠭᠠᠷᠠᠭᠤᠯᠤᠯᠲᠠ ᠪᠠ ᠦᠵᠡᠮᠵᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠶ᠎ᠠ ᠪᠠᠭᠰᠢ ᠶᠢᠨ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃        ᠪᠢᠨ ᠾᠧ ᠵᠡᠭᠡᠯᠢ ᠭᠤᠳᠤᠮᠵᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠣᠷᠳᠣᠰ ᠬᠤᠲᠠ ᠶᠢᠨ ᠬᠤᠲᠠ ᠶᠢᠨ ᠤᠰᠤᠨ ᠤ ᠶᠠᠪᠤᠳᠠᠯ ᠤᠨ ᠺᠣᠮᠫᠠᠨᠢ᠂ ᠣᠷᠳᠣᠰ ᠬᠤᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃ᠲᠣᠪᠴᠢ ᠨᠠᠮᠳᠠᠷ᠄         ᠸᠠᠩ ᠷᠦᠢ ᠰᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠵᠡᠷᠭᠡ ᠶᠢᠨ ᠢᠨᠵᠧᠨᠧᠷ᠂ ᠤᠯᠤᠰ ᠤᠨ ᠲᠠᠩᠰᠠᠯᠠᠯ ᠲᠠᠭᠠᠭᠠᠴᠢᠯᠠᠯᠲᠠ ᠵᠠᠷᠯᠠᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃         ᠤᠳᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠭᠤᠷᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
ᠢᠷᠡᠯᠲᠡ᠄ ᠲᠤᠰ ᠰᠦᠯᠵᠢᠶ᠎ᠡ